2025 ᠤᠨ ᠳ᠋ᠤ᠌ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ᠎ᠦ ᠡᠷᠬᠢᠯᠳᠡ ᠶᠡᠷᠦᠩᠬᠡᠶ᠎ᠳᠡᠭᠡᠨ ᠲᠣᠭ᠍ᠲᠠᠭᠤᠨ ᠪᠠᠢᠵᠤ ᠪᠡᠯᠡ ᠬᠤᠷᠠᠮᠳᠤᠭᠤᠯᠬᠤ ᠦᠪᠡᠷ ᠎ᠤᠨ ᠦᠷᠳᠡᠭ ᠪᠠᠭᠤᠷᠠᠪᠠ
2026-01-29 10:25:15
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ 1ᠰᠠᠷ᠎ᠡ ᠢ᠋ᠢᠨ 28 ᠤ᠋ ᠡᠳᠤᠷ ᠬᠤᠷᠠᠯᠳᠤᠭᠰᠠᠨ 2025 ᠣᠨ᠎ᠤ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ ᠎ᠦ ᠡᠷᠬᠢᠯᠳᠡ ᠢ᠋ᠢᠨ ᠪᠠᠢᠳᠠᠯ ᠵᠢᠴᠢ ᠮᠥᠩᠭᠥᠨ ᠬᠦᠢᠯᠬᠡᠬᠡ ᠪᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠭ᠌ᠰᠡᠨ ᠪᠠᠢᠳᠠᠯ ᠎ᠤᠨ ᠲᠤᠬᠠᠶ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠤᠢᠯᠠᠭᠠᠭᠰᠠᠨ ᠢ᠋ᠢᠡᠷ᠂ 2025 ᠤᠨ ᠳ᠋ᠤ᠌ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ ᠎ᠦ ᠡᠷᠬᠢᠯᠳᠡ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠪᠠᠯᠠ ᠬᠤᠷᠠᠮᠳᠤᠭᠤᠯᠬᠤ ᠥᠪᠡᠷ ᠎ᠦᠨ ᠥᠷᠲᠡᠭ ᠲᠣᠭ᠍ᠲᠠᠭᠤᠨ ᠪᠠᠢᠬᠤ᠎ᠶ᠋ᠢᠨ ᠵᠡᠷᠭᠡ᠎ᠳᠦ ᠪᠠᠭᠤᠷᠠᠪᠠ᠃

ᠤᠢᠯᠠᠭᠠᠭᠰᠠᠨ ᠢ᠋ᠢᠡᠷ᠂ 2025 ᠤᠨ ᠤ᠋ 12 ᠰᠠᠷ᠎ᠠ᠎ᠶ᠋ᠢᠨ ᠰᠡᠭᠦᠯᠴᠢ᠎ᠳ᠋ᠤ᠌᠂ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠠᠷᠠᠳ᠎ᠤᠨ ᠵᠣᠭᠣᠰ᠎ᠤᠨ ᠡᠯ᠎ᠡ ᠵᠦᠶ᠋ᠯ᠎ᠦᠨ ᠵᠢᠭᠡᠯᠡᠯᠭᠡ᠎ᠶ᠋ᠢᠨ ᠦᠯᠡᠳᠡᠪᠦᠷᠢ 33151.3 ᠳ᠋ᠦᠩᠱᠢᠭᠤᠷ ᠪᠠᠢᠵᠤ᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠵᠢᠯ᠎ᠦᠨ ᠡᠬᠢᠨ᠎ᠦ᠎ᠬᠢ᠎ᠡᠴᠡ 2014.9 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ 2024 ᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 6.3% ᠎ᠪᠠᠷ ᠨᠡᠮᠡᠭ᠌ᠳᠡᠵᠦ᠍᠂ ᠠᠵᠤ ᠠᠬᠤᠶ᠎ᠶ᠋ᠢᠨ ᠨᠡᠮᠡᠭ᠌ᠳᠡᠯ ᠎ᠦᠨ ᠬᠠᠷᠠᠯᠲᠠ ᠎ᠲᠠᠶ ᠦᠨᠳᠦᠰᠦᠨ᠎ᠳᠡᠭᠡᠨ ᠳᠣᠭᠢᠷᠠᠵᠠᠶ᠃ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ ᠎ᠦ ᠪᠠᠢᠭᠤᠯᠤᠮᠵᠢ᠎ᠶ᠋ᠢᠨ ᠠᠷᠠᠳ᠎ᠤᠨ ᠵᠣᠭᠣᠰ᠎ᠤᠨ ᠡᠯ᠎ᠡ ᠵᠦᠶ᠋ᠯ᠎ᠦᠨ ᠬᠠᠳᠠᠭᠠᠯᠠᠮᠵᠢ᠎ᠶ᠋ᠢᠨ ᠦᠯᠡᠳᠡᠪᠦᠷᠢ 41552.6 ᠳ᠋ᠦᠩᠱᠢᠭᠤᠷ ᠲᠥᠭᠥᠷᠢᠭ᠎ᠪᠠᠢᠵᠤ᠂ ᠵᠢᠯ᠎ᠦᠨ ᠡᠬᠢᠨ᠎ᠦ᠎ᠬᠢ᠎ᠡᠴᠡ 2511.7 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ 2024 ᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 6.4% ᠎ᠪᠠᠷ ᠨᠡᠮᠡᠭ᠌ᠳᠡᠵᠦ᠍᠂ ᠢᠲᠡᠭᠡᠮᠵᠢᠲᠦ ᠵᠢᠭᠡᠯᠡᠯᠭᠡ᠎ᠶ᠋ᠢᠨ ᠶᠡᠷᠦᠩᠬᠡᠶ ᠬᠡᠮᠵᠢᠶ᠎ᠡ ᠲᠣᠭ᠍ᠲᠠᠭᠤᠨ᠎ᠢᠶᠠᠷ ᠨᠡᠮᠡᠭ᠌ᠳᠡᠪᠡ᠃

2025 ᠤᠨ ᠳ᠋ᠤ᠌ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠦᠨ᠎ᠬᠢᠨ ᠵᠣᠬᠢᠰᠲᠠᠶ ᠠᠭᠤᠵᠢᠭᠤ ᠲᠠᠯᠪᠢᠬᠤ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢ  ᠬᠡᠷᠡᠭ᠌ᠵᠢᠭᠦᠯᠵᠦ᠍᠂ ᠮᠥᠩᠭᠥᠨ ᠭᠦᠶ᠋ᠯᠭᠡᠭᠡᠨ᠎ᠦ 《ᠲᠠᠪᠤᠨ ᠶᠡᠬᠡ ᠶᠠᠪᠤᠳᠠᠯ 》 ᠢ᠋ ᠯᠠᠪᠳᠠᠭᠤᠨ ᠪᠠᠲᠤᠲᠠᠶ ᠰᠠᠢᠲᠤᠷ ᠬᠢᠵᠦ᠍᠂ ᠮᠥᠩᠭᠥᠨ ᠭᠦᠶ᠋ᠯᠭᠡᠭᠡᠨ᠎ᠢᠶᠡᠷ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠭᠰᠡᠨ ᠢ᠋ᠢᠡᠷ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ ᠡᠷᠬᠢᠯᠳᠡ᠎ᠳᠤ 《ᠶᠡᠷᠦᠩᠬᠡᠶ ᠬᠡᠮᠵᠢᠶ᠎ᠡ᠎ᠨᠢ ᠲᠣᠭ᠍ᠲᠠᠭᠤᠨ᠂ ᠪᠦᠲᠦᠴᠡ᠎ᠨᠢ ᠱᠢᠯᠢᠳᠡᠭ᠂ ᠬᠦᠦ ᠮᠥᠩᠭᠥ᠎ᠶ᠋ᠢᠨ ᠨᠣᠷᠮ᠎ᠠ᠎ᠨᠢ ᠪᠠᠭᠤᠷᠠᠯᠳᠡ ᠲᠠᠢ 》 ᠪᠠᠢᠳᠠᠯ ᠢᠯᠡᠷᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠲᠣᠭ᠍ᠲᠠᠭᠤᠨ ᠨᠡᠮᠡᠭ᠌ᠳᠡᠯ᠎ᠳᠦ ᠮᠥᠩᠭᠥᠨ ᠭᠦᠶ᠋ᠯᠭᠡᠭᠡᠨ᠎ᠦ ᠰᠠᠢᠨ ᠰᠠᠢᠬᠠᠨ ᠣᠷᠴᠢᠨ ᠨᠥᠬᠥᠴᠡᠯ᠎ᠢ ᠪᠦᠷᠢᠯᠳᠤᠬᠦᠯᠵᠤ ᠦᠭᠪᠡ᠃ 2025 ᠣᠨ ᠳ᠋ᠤ᠌ ᠦᠪᠤᠷ ᠮᠤᠨᠭᠭᠤᠯ ᠤ᠋ᠨ ᠰᠢᠨ᠎ᠡ ᠪᠡᠷ ᠲᠠᠷᠬᠠᠭᠠᠭᠰᠠᠨ ᠠᠷᠠᠳ᠎ᠤᠨ ᠵᠣᠭᠣᠰ ᠤ᠋ᠨ ᠵᠢᠭᠡᠯᠡᠯᠭᠡ᠎ᠶ᠋ᠢᠨ ᠨᠡᠮᠡᠭᠦᠷᠢ᠎ᠶ᠋ᠢᠨ ᠳᠤᠮᠳᠠᠴᠢ ᠬᠦᠦ ᠮᠥᠩᠭᠥ᠎ᠶ᠋ᠢᠨ ᠨᠣᠷᠮ᠎ᠠ 2024 ᠤᠨ ᠤ᠋ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ ᠤ᠋ ᠬᠠᠷᠢᠴᠡᠯ ᠢ᠋ᠢᠡᠷ 0 .74 ᠬᠤᠪᠢ ᠪᠠᠭᠤᠷᠠᠪᠠ᠃ ᠡᠭᠦᠨ᠎ᠳᠦ᠂ ᠠᠵᠤ ᠠᠬᠤᠢᠯᠠᠯ᠎ᠳ᠋ᠤ᠌ ᠰᠢᠨ᠎ᠡ ᠪᠡᠷ ᠲᠠᠷᠬᠠᠭᠠᠭᠰᠠᠨ ᠵᠢᠭᠡᠯᠡᠯᠭᠡ᠎ᠶ᠋ᠢᠨ ᠨᠡᠮᠡᠭᠦᠷᠢ᠎ᠶ᠋ᠢᠨ ᠳᠤᠮᠳᠠᠴᠢ ᠬᠦᠦ ᠮᠥᠩᠭᠥ᠎ᠶ᠋ᠢᠨ ᠨᠣᠷᠮ᠎ᠠ ᠪᠠ ᠬᠤᠪᠢ ᠬᠥᠮᠦᠨ᠎ᠦ ᠣᠷᠣᠨ ᠰᠠᠭᠤᠴᠠ᠎ᠶ᠋ᠢᠨ ᠵᠢᠭᠡᠯᠡᠯᠭᠡ᠎ᠶ᠋ᠢᠨ ᠨᠡᠮᠡᠭᠦᠷᠢ᠎ᠶ᠋ᠢᠨ ᠳᠤᠮᠳᠠᠴᠢ ᠬᠦᠦ ᠮᠥᠩᠭᠥ᠎ᠶ᠋ᠢᠨ ᠨᠣᠷᠮ᠎ᠠ᠎ᠨᠢ ᠲᠣᠰ ᠲᠣᠰ 2.99% ᠪᠠ 3.11 % ᠪᠠᠢᠵᠤ ᠂ 2024 ᠤᠨ ᠤ᠋ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ ᠵᠠᠭᠤᠨ ᠤ᠋ ᠬᠠᠷᠢᠴᠡᠯ ᠢ᠋ᠢᠡᠷ 0.35 ᠪᠠ 0 .17 ᠬᠤᠪᠢ᠎ᠪᠠᠭᠤᠷᠠᠪᠠ᠃

2025 ᠤᠨ ᠳ᠋ᠤ᠌ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠦᠨ᠎ᠬᠢᠨ ᠮᠥᠩᠭᠥᠨ ᠭᠦᠶ᠋ᠯᠭᠡᠭᠡᠨ᠎ᠦ 《ᠲᠠᠪᠤᠨ ᠶᠡᠬᠡ ᠶᠠᠪᠤᠳᠠᠯ 》 ᠎ᠢ᠋ ᠠᠬᠢᠭᠤᠯᠵᠤ ᠂ 《1 ᠶᠡᠷᠦᠩᠬᠡᠶ ᠲᠥᠰᠦᠯ + 5 ᠲᠤᠰᠭᠠᠶ ᠬᠦᠷᠢᠶ᠎ᠡ ᠴᠠᠷᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ + N ᠵᠦᠶ᠋ᠯ᠎ᠦᠨ ᠲᠥᠷᠥ᠎ᠶ᠋ᠢᠨ ᠪᠣᠳᠣᠯᠭ᠎ᠠ ᠎ᠶ᠋ᠢᠨ ᠠᠷᠭ᠎ᠠ ᠬᠡᠮᠵᠢᠶ᠎ᠡ 》 ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠢ᠋ ᠪᠠᠢᠭᠤᠯᠤᠨ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠪᠠᠭᠤᠷᠠᠶ ᠭᠣᠭ᠍ᠴᠣᠭ᠎ᠠ᠎ᠶ᠋ᠢ ᠳᠡᠮᠵᠢᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠥᠬᠥ᠌ ᠣᠷᠣᠨ᠎ᠤ ᠢᠲᠡᠭᠡᠮᠵᠢᠲᠦ ᠵᠢᠭᠡᠯᠡᠯᠭᠡ᠎ᠶ᠋ᠢᠨ ᠡᠬᠢ ᠪᠠᠶᠠᠯᠢᠭ ᠎ᠢ 《ᠲᠠᠪᠤᠨ ᠶᠡᠬᠡ ᠶᠠᠪᠤᠳᠠᠯ 》 ᠤ᠋ᠨ ᠬᠦᠷᠢᠶ᠎ᠡ ᠴᠠᠷᠠᠭ᠎ᠠ ᠲᠡᠢᠰᠢ ᠲᠥᠪᠯᠡᠷᠡᠭᠦᠯᠬᠦ᠌᠎ᠶ᠋ᠢ ᠲᠦᠷᠭᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号