ᠥᠪᠥᠷ ᠮᠣᠩᠭᠣᠯ᠎ᠤᠨ ᠲᠦᠷᠭᠡᠨ ᠬᠦᠷᠭᠡᠯᠳᠡ᠎ᠶᠢᠨ ᠦᠶ᠋ᠯᠡᠰ᠎ᠦᠨ ᠳᠠᠢᠴᠢᠯᠠᠭ᠍ᠰᠠᠨ ᠦᠶ᠋ᠯᠡᠳᠬᠦᠨ᠎ᠦ ᠥᠷᠲᠡᠭ 2000 ᠳ᠋ᠦᠩᠱᠢᠭᠤᠷ ᠲᠥᠭᠥᠷᠢᠭ᠎ᠲᠦ ᠬᠥᠷᠪᠡ
2026-01-29 10:26:56
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠲᠦᠷᠭᠡᠨ ᠬᠦᠷᠭᠡᠯᠲᠡ ᠎ᠶ᠋ᠢᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠨᠡᠢᠲᠡ130 ᠳ᠋ᠦᠩᠱᠢᠭᠤᠷ ᠬᠤᠪᠢ᠎ᠳᠤ ᠬᠦᠷᠴᠦ᠍᠂ ᠲᠤᠬᠠᠢᠯᠠᠭ᠍ᠰᠠᠨ ᠠᠵᠢᠯ᠎ᠤᠨ ᠬᠡᠪᠴᠢᠶ᠎ᠡ ᠦᠷᠭᠦᠯᠵᠢᠯᠡᠨ ᠨᠡᠮᠡᠭᠳᠡᠪᠡ᠃ ᠡᠭᠦᠨ᠎ᠳᠦ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠳ᠋ᠡᠬᠢ ᠲᠦᠷᠭᠡᠨ ᠬᠦᠷᠭᠡᠯᠲᠡ᠎ᠶ᠋ᠢᠨ ᠦᠶ᠋ᠯᠡᠴᠢᠯᠡᠭᠡ᠂ ᠦᠶ᠋ᠯᠡᠳᠬᠦ᠌ ᠦᠶ᠋ᠯᠡᠰ᠎ᠦᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠪᠠᠷᠤᠭ 15 ᠳ᠋ᠦᠩᠱᠢᠭᠤᠷ ᠬᠤᠪᠢ᠎ᠳᠤ ᠬᠦᠷᠴᠦ᠍᠂ ᠣᠷᠣᠨ ᠨᠤᠲᠤᠭ᠎ᠤᠨ ᠦᠶ᠋ᠯᠡᠳᠬᠦᠨ᠎ᠦ ᠥᠷᠲᠡᠭ᠎ᠢ 2000 ᠳ᠋ᠦᠩᠱᠢᠭᠤᠷ ᠲᠥᠭᠥᠷᠢᠭ ᠲᠠᠢᠴᠢᠯᠠᠵᠦ᠂ ᠲᠦᠷᠭᠡᠨ ᠬᠦᠷᠭᠡᠯᠳᠡ᠎ᠶᠢᠨ ᠦᠢᠯᠡᠰ ᠨᠢᠭᠡᠨᠳᠡ ᠥᠪᠥᠷ ᠮᠣᠩᠭᠣᠯ᠎ᠤᠨ ᠠᠵᠤ ᠠᠬᠤᠢ᠎ᠶ᠋ᠢᠨ ᠡᠷᠬᠢᠯᠳᠡ ᠵᠢ ᠳᠠᠢᠴᠢᠯᠠᠬᠤ᠂ ᠠᠵᠤ ᠦᠢᠯᠡᠰ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠵᠠᠩᠭᠢᠯᠠᠭ᠎ᠠ᠎ᠶ᠋ᠢᠨ ᠬᠥᠳᠡᠯᠭᠡᠭᠦᠷ ᠪᠤᠯᠪᠠ᠃

ᠲᠦᠷᠭᠡᠨ ᠬᠦᠷᠭᠡᠯᠲᠡ᠎ᠶ᠋ᠢᠨ ᠦᠶ᠋ᠯᠡᠰ᠎ᠨᠢ ᠦᠶ᠋ᠯᠡᠳᠪᠦᠷᠢᠯᠡᠯ ᠪᠠ ᠬᠡᠷᠡᠭ᠌ᠯᠡᠭᠡ᠎ᠶ᠋ᠢ ᠬᠣᠯᠪᠣᠭ᠍ᠰᠠᠨ ᠭᠤᠤᠯ ᠬᠦᠶ᠋ᠰᠦ ᠪᠣᠯᠤᠭ᠍ᠰᠠᠨ᠎ᠤ ᠬᠤᠪᠢ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠣᠷᠣᠨ᠎ᠤ ᠦᠬᠡᠷ᠎ᠦᠨ ᠪᠣᠷᠴᠠ᠂ ᠴᠠᠭᠠᠨ ᠢᠳᠡᠭᠡ ᠵᠡᠷᠭᠡ 6 ᠲᠥᠷᠥᠯ᠎ᠦᠨ ᠬᠦᠷᠭᠡᠯᠳᠡ᠎ᠶᠢᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ᠎ᠨᠢ ᠮᠢᠩᠭᠠᠨ ᠲᠦᠮᠡᠨ ᠬᠤᠪᠢ᠎ᠶ᠋ᠢ ᠳᠠᠪᠠᠵᠤ᠂ ᠪᠠᠶᠠᠨᠨᠠᠭᠤᠷ ᠠᠢᠮᠠᠭ᠎ᠤᠨ ᠭᠤᠸᠠ᠎ᠶ᠋ᠢᠨ ᠦᠷ᠎ᠡ᠂ ᠠᠸ᠋ᠬᠠᠨ᠎ᠤ ᠨᠠᠷᠢᠮᠤ ᠵᠡᠷᠭᠡ 10 ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭ᠎ᠠ ᠬᠢᠭᠡᠳ ᠲᠦᠷᠭᠡᠨ ᠬᠦᠷᠭᠡᠯᠲᠡ᠎ᠶ᠋ᠢᠨ ᠬᠠᠮᠵᠢᠯᠴᠠᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠵᠠᠭᠤᠨ ᠲᠦᠮᠡᠨ ᠬᠤᠪᠢ᠎ᠶ᠋ᠢ ᠳᠠᠪᠠᠵᠠᠢ᠃ ᠵᠥᠪᠬᠡᠨ 2025 ᠣᠨ᠎ᠳᠤ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠳᠤ ᠦᠶ᠋ᠯᠡᠴᠢᠯᠡᠬᠦ᠌ ᠲᠤᠬᠠᠢᠯᠠᠭ᠍ᠰᠠᠨ ᠠᠵᠢᠯ᠎ᠤᠨ ᠬᠡᠮᠵᠢᠶ᠎ᠡ᠎ᠶ᠋ᠢ 2.8 ᠳ᠋ᠦᠩᠱᠢᠭᠤᠷ ᠵᠦᠶ᠋ᠯᠡᠰ ᠪᠡᠶᠡᠯᠡᠭᠦᠯᠵᠦ᠍᠂ ᠦᠶ᠋ᠯᠡᠳᠬᠦ᠌ ᠦᠶ᠋ᠯᠡᠰ᠎ᠦᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ᠎ᠶ᠋ᠢ 2.3 ᠳ᠋ᠦᠩᠱᠢᠭᠤᠷ ᠵᠦᠶ᠋ᠯᠡᠰ᠎ᠪᠡᠶᠡᠯᠡᠭᠦᠯᠵᠠᠢ᠃ ᠲᠦᠷᠭᠡᠨ ᠬᠦᠷᠭᠡᠯᠳᠡ᠎ᠶᠢᠨ ᠠᠵᠢᠯ ᠲᠥᠷᠥᠯ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠣᠷᠣᠨ ᠨᠤᠲᠤᠭ᠎ᠤᠨ ᠦᠶ᠋ᠯᠡᠳᠬᠦᠨ᠎ᠦ ᠥᠷᠲᠡᠭ᠎ᠢ ᠳᠠᠢᠴᠢᠯᠠᠬᠰᠠᠨ ᠬᠡᠮᠵᠢᠶ᠎ᠠ 500 ᠳ᠋ᠦᠩᠱᠢᠭᠤᠷ ᠲᠥᠭᠥᠷᠢᠭ᠎ᠢ ᠳᠠᠪᠠᠵᠠᠢ᠃

ᠡᠭᠦᠨ᠎ᠡᠴᠡ ᠭᠠᠳᠠᠨ᠎ᠠ᠂ ᠭᠤᠪᠢᠭᠤᠯᠤᠨ ᠬᠦᠷᠭᠡᠬᠦ᠌ ᠦᠶ᠋ᠯᠡᠴᠢᠯᠡᠭᠡᠨ᠎ᠦ ᠲᠤᠤᠷ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠬᠤ᠂ ᠬᠥᠳᠡᠭᠡ ᠲᠣᠰᠭᠣᠨ᠎ᠤ ᠭᠤᠪᠢᠭᠤᠯᠤᠨ ᠬᠦᠷᠭᠡᠬᠦ᠌ ᠪᠠᠷᠠᠭᠠᠨ᠎ᠤ ᠭᠦᠶ᠋ᠯᠭᠡᠭᠡ᠎ᠶᠢᠨ ᠱᠢᠰᠲ᠋ᠧᠮ᠎ᠢ ᠲᠡᠭᠦᠯᠳᠡᠷᠵᠢᠭᠦᠯᠬᠦ᠌᠂ ᠣᠯᠠᠨ ᠡᠱᠢᠲᠦ ᠡᠴᠦᠰ᠎ᠤᠨ ᠴᠡᠭ᠎ᠤᠨ ᠬᠦᠷᠭᠡᠬᠦ᠌ ᠱᠢᠰᠲ᠋ᠧᠮ ᠢ᠋ ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠪᠥᠬᠥ᠌ ᠲᠠᠯ᠎ᠠ᠎ᠪᠠᠷ ᠨᠡᠮᠡᠭ᠌ᠳᠡᠭᠦᠯᠵᠠᠢ᠃ ᠣᠳᠣᠬᠠᠨ ᠪᠣᠯᠲᠠᠯ᠎ᠠ᠂ ᠥᠪᠥᠷ ᠮᠣᠩᠭᠣᠯ ᠠᠢᠮᠠᠭ ᠬᠣᠲᠠ᠎ᠶ᠋ᠢᠨ ᠲᠠᠰ᠎ᠤᠨ ᠬᠦᠷᠢᠶᠡᠯᠡᠩ ᠲᠣᠭᠣᠷᠢᠭ 21᠂ ᠬᠣᠱᠢᠭᠤ ᠱᠢᠶᠠᠨ᠎ᠤ ᠲᠠᠰ᠎ᠤᠨ ᠬᠦᠷᠢᠶᠡᠯᠡᠩ ᠲᠣᠭᠣᠷᠢᠭ 44᠂ ᠡᠯ᠎ᠡ ᠲᠥᠷᠥᠯ᠎ᠦᠨ ᠬᠤᠪᠢᠶᠠᠨ ᠰᠠᠯᠭᠠᠵᠤ ᠱᠢᠶ᠋ᠳᠪᠦᠷᠢᠯᠡᠬᠦ᠌ ᠲᠥᠪ 541᠂ ᠠᠦ᠋ᠲ᠋ᠣᠴᠢᠯᠠᠭ᠍ᠰᠠᠨ ᠬᠤᠪᠢᠶᠠᠨ ᠰᠠᠯᠭᠠᠬᠤ ᠲᠥᠬᠥᠭᠡᠷᠦᠮᠵᠢ᠎ᠶ᠋ᠢᠨ ᠲᠣᠭ᠎ᠠ 291 ᠢᠵᠢ᠎ᠶ᠋ᠢ ᠲᠣᠬᠢᠷᠠᠭᠤᠯᠵᠠᠢ; 80 ᠬᠣᠱᠢᠭᠤ ᠱᠢᠶᠠᠨ ᠬᠣᠲᠠ᠎ᠳᠤ ᠱᠢᠶᠠᠨ᠎ᠤ ᠱᠠᠲᠤᠨ᠎ᠤ ᠲᠥᠪᠯᠡᠷᠡᠭᠦᠯᠦᠨ ᠲᠠᠷᠬᠠᠭᠠᠬᠤ ᠬᠤᠪᠢᠶᠠᠨ ᠰᠠᠯᠭᠠᠬᠤ ᠲᠥᠪ 51᠂ ᠱᠢᠶᠠᠨ᠎ᠤ ᠱᠠᠲᠤᠨ᠎ᠤ ᠲᠥᠪᠯᠡᠷᠡᠭᠦᠯᠦᠨ ᠲᠠᠷᠬᠠᠭᠠᠬᠤ ᠲᠥᠪ ᠨᠡᠢᠲᠡ 85 ᠪᠠᠢᠵᠤ᠂ ᠪᠥᠬᠥ᠌ ᠣᠷᠣᠨ᠎ᠳᠤ ᠲᠦᠷᠭᠡᠨ ᠬᠦᠷᠭᠡᠯᠳᠡ᠎ᠶᠢᠨ ᠲᠡᠭᠦᠰᠭᠡᠯ᠎ᠦᠨ ᠥᠷᠲᠡᠭᠡ ᠴᠡᠭ᠎ᠢ 11703᠂ ᠤᠶᠤᠨᠲᠤ ᠲᠦᠷᠭᠡᠨ ᠬᠦᠷᠭᠡᠯᠳᠡ᠎ᠶ᠋ᠢᠨ ᠬᠠᠢᠷᠴᠠᠭ ᠢ᠋ 35 ᠲᠦᠮᠡ ᠲᠣᠬᠢᠷᠠᠭᠤᠯᠵᠤ᠂ ᠬᠡᠷ᠎ᠲᠦᠨᠢ ᠬᠦᠷᠴᠦ᠍ ᠬᠦᠷᠭᠡᠬᠦ᠌᠂ ᠬᠠᠢᠷᠴᠠᠭ᠎ᠢᠶᠠᠷ ᠬᠦᠷᠭᠡᠬᠦ᠌᠂ ᠥᠷᠲᠡᠭᠡ᠎ᠪᠡᠷ ᠳᠠᠮᠵᠢᠭᠤᠯᠬᠤ᠎ᠶ᠋ᠢ ᠵᠣᠬᠢᠴᠠᠭᠤᠯᠤᠨ ᠡᠮᠬᠢ ᠵᠢᠷᠤᠮ᠎ᠲᠠᠶ ᠬᠥᠭ᠌ᠵᠢᠭᠦᠯᠵᠦ᠍᠂ ᠥᠨᠳᠥᠷ ᠪᠦᠲᠦᠮᠵᠢᠲᠡᠶ ᠪᠠᠷᠠᠭᠠᠨ᠎ᠤ ᠭᠦᠶ᠋ᠯᠭᠡᠭᠡ᠎ᠶ᠋ᠢᠨ ᠲᠤᠤᠷ ᠰᠦᠯᠵᠢᠶ᠎ᠡ᠎ᠨᠢ ᠠᠵᠤ ᠠᠬᠤᠶ᠎ᠶ᠋ᠢᠨ ᠡᠷᠬᠢᠯᠳᠡ᠎ᠳᠤ ᠪᠠᠲᠤ ᠪᠠᠬᠢ ᠲᠤᠯᠭᠠᠭᠤᠷᠢᠯᠠᠯ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号