ᠣᠷᠳᠣᠰ ᠠᠭᠠᠷ ᠤ᠋ᠨ ᠠᠶᠠᠯᠠᠯ ᠤ᠋ᠨ ᠪᠣᠭᠣᠮᠲᠠ ᠵᠢᠨ ᠠᠶᠠᠨᠴᠢᠳ ᠤ᠋ᠨ ᠲᠣᠭ᠎ᠠ ᠪᠠ ᠡᠭᠡᠯᠵᠢ ᠵᠢᠨ ᠨᠢᠰᠬᠡᠯ ᠤ᠋ᠨ ᠲᠣᠭ᠎ᠠ ᠴᠥᠮ ᠰᠢᠨ᠎ᠡ ᠲᠡᠮᠳᠡᠭᠯᠡᠯ ᠢ᠋ ᠡᠭᠦᠳᠴᠡᠢ
2026-01-29 10:32:45
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠣᠷᠳᠣᠰ ᠪᠣᠭᠣᠮᠲᠠ ᠡᠴᠡ ᠣᠢᠯᠠᠭᠠᠭᠰᠠᠨ ᠶ᠋ᠢᠡᠷ᠂ 2025 ᠣᠨ ᠳ᠋ᠤ ᠣᠷᠳᠣᠰ ᠪᠣᠭᠣᠮᠲᠠ ᠪᠡᠷ ᠣᠷᠣᠵᠤ ᠭᠠᠷᠤᠭᠰᠠᠨ ᠠᠶᠠᠨᠴᠢᠳ ᠤ᠋ᠨ ᠳᠤᠭ᠎ᠠ ᠨᠡᠶ᠋ᠢᠲᠡ 79920 ᠬᠥᠮᠥᠨ ᠤᠳᠠᠭ᠎ᠠ ᠳ᠋ᠤ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 96.3% ᠪᠡᠷ ᠨᠡᠮᠡᠭᠳᠡᠨ᠂ ᠬᠢᠯᠢ ᠪᠡᠷ ᠣᠷᠣᠵᠤ ᠭᠠᠷᠤᠭᠰᠠᠨ ᠣᠯᠠᠨ ᠤᠯᠤᠰ ᠤ᠋ᠨ ᠠᠶᠠᠨᠴᠢᠳ ᠤ᠋ᠨ ᠡᠭᠡᠯᠵᠢ ᠵᠢᠨ ᠨᠢᠰᠬᠡᠯ 1025 ᠤᠳᠠᠭ᠎ᠠ ᠳ᠋ᠤ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 177.8% ᠪᠡᠷ ᠨᠡᠮᠡᠭᠳᠡᠨ᠂ ᠬᠢᠯᠢ ᠪᠡᠷ ᠣᠷᠣᠵᠤ ᠭᠠᠷᠤᠭᠰᠠᠨ ᠣᠯᠠᠨ ᠤᠯᠤᠰ ᠤ᠋ᠨ ᠠᠶᠠᠨᠴᠢᠳ ᠤ᠋ᠨ ᠲᠣᠭ᠎ᠠ ᠪᠠ ᠡᠭᠡᠯᠵᠢ ᠵᠢᠨ ᠨᠢᠰᠬᠡᠯ ᠤ᠋ᠨ ᠲᠣᠭ᠎ᠠ ᠴᠥᠮ ᠲᠡᠦᠬᠡ ᠵᠢᠨ ᠰᠢᠨ᠎ᠡ ᠲᠡᠮᠳᠡᠭᠯᠡᠯ ᠢ᠋ ᠡᠭᠦᠳᠴᠡᠢ᠃

2025 ᠤᠨ ᠳ᠋ᠤ᠂ ᠣᠷᠳᠣᠰ ᠪᠣᠭᠣᠮᠲᠠ ᠵᠢᠨ ᠬᠢᠨ ᠣᠷᠳᠣᠰ ᠠᠭᠠᠷ ᠤ᠋ᠨ ᠠᠶᠠᠯᠠᠯ ᠤ᠋ᠨ ᠪᠣᠭᠣᠮᠲᠠ ᠵᠢᠨ ᠬᠢᠯᠢ ᠪᠡᠷ ᠣᠷᠣᠵᠤ ᠭᠠᠷᠬᠤ ᠡᠭᠡᠯᠵᠢ ᠵᠢᠨ ᠨᠢᠰᠬᠡᠯ ᠵᠢᠴᠢ ᠠᠶᠠᠨᠴᠢᠳ ᠤ᠋ᠨ ᠨᠡᠮᠡᠭᠳᠡᠯ ᠢ᠋ ᠰᠠᠢᠲᠤᠷ ᠠᠷᠭᠠᠴᠠᠭᠠᠬᠤ ᠵᠢᠨ ᠲᠥᠯᠥᠭᠡ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠨᠤᠭᠦᠳ ᠢ᠋ ᠵᠡᠷᠭᠡ ᠪᠡᠷ ᠬᠡᠷᠡᠭᠵᠢᠭᠦᠯᠵᠦ᠂ ᠣᠶᠤᠨᠲᠤ ᠪᠣᠭᠣᠮᠲᠠ ᠪᠡᠷ ᠭᠠᠷᠳᠠᠴᠠ ᠪᠣᠯᠭᠠᠨ᠂ ᠥᠨᠳᠥᠷ ᠪᠦᠲᠦᠮᠵᠢᠲᠡᠢ ᠳᠥᠭᠥᠮ ᠳᠥᠲᠡ ᠪᠣᠭᠣᠮᠲᠠ ᠪᠡᠷ ᠥᠩᠭᠡᠷᠡᠬᠦ ᠣᠷᠴᠢᠨ ᠲᠣᠭᠣᠷᠢᠨ ᠢ᠋ ᠪᠣᠢ ᠪᠣᠯᠭᠠᠵᠤ᠂ ᠠᠶᠠᠨᠴᠢᠳ ᠤ᠋ᠨ ᠪᠣᠭᠣᠮᠲᠠ ᠪᠡᠷ ᠥᠩᠭᠡᠷᠡᠬᠦ ᠵᠢ ᠳᠥᠭᠥᠮᠴᠢᠯᠡᠬᠦ ᠳ᠋ᠤ ᠬᠦᠴᠦᠨ ᠨᠡᠮᠡᠷᠢᠯᠡᠵᠠᠢ᠃ ᠳᠤᠬᠠᠢᠯᠠᠪᠠᠯ᠂ ᠠᠶᠠᠨᠴᠢᠳ ᠤ᠋ᠨ ᠪᠠᠢᠴᠠᠭᠠᠯᠲᠠ ᠵᠢᠨ ᠲᠤᠬᠠᠢ ᠵᠢᠨ ᠲᠠᠯᠠᠪᠤᠷ ᠲᠤ᠌ ᠲᠣᠮᠣ᠌ ᠳ᠋ᠠᠢᠲ᠋ᠠ ᠵᠢᠨ ᠠᠷᠭ᠎ᠠ ᠪᠠᠷᠢᠯ ᠶ᠋ᠢᠡᠷ ᠳᠠᠮᠵᠢᠭᠤᠯᠤᠨ ᠠᠶᠠᠨᠴᠢᠳ ᠤ᠋ᠨ ᠮᠡᠳᠡᠭᠡ ᠵᠠᠩᠭᠢ ᠵᠢ ᠤᠷᠢᠳᠴᠢᠯᠠᠨ ᠰᠤᠳᠤᠯᠤᠨ ᠮᠠᠭᠠᠳᠯᠠᠵᠤ᠂ 《ᠨᠢᠭᠡ ᠨᠢᠰᠬᠡᠯ ᠳ᠋ᠤ ᠨᠢᠭᠡ ᠪᠣᠳᠣᠯᠭ᠎ᠠ ᠬᠡᠷᠡᠭᠵᠢᠬᠦᠯᠬᠦ》 ᠶ᠋ᠢ ᠥᠨᠳᠥᠷ ᠪᠦᠲᠦᠮᠵᠢᠲᠡᠢ ᠪᠡᠷ ᠬᠢᠨᠠᠨ ᠬᠠᠮᠢᠶᠠᠷᠬᠤ ᠵᠢ ᠪᠡᠶᠡᠯᠡᠭᠦᠯᠵᠡᠢ᠃ ᠡᠬᠦᠨ ᠤ᠋ ᠬᠠᠮᠳᠤ᠂ X ᠰᠠᠴᠤᠷᠠᠭ ᠶ᠋ᠢᠡᠷ ᠰᠢᠷᠪᠢᠬᠦ ᠪᠠ ᠵᠢᠷᠤᠭ ᠶ᠋ᠢᠡᠷ ᠲᠠᠨᠢᠵᠤ ᠤᠷᠢᠳᠴᠢᠯᠠᠨ ᠰᠡᠷᠡᠮᠵᠢᠯᠡᠭᠦᠯᠬᠦ ᠣᠶᠤᠨᠴᠢ ᠮᠡᠷᠭᠡᠵᠢᠯ ᠢ᠋ ᠬᠡᠷᠡᠭᠯᠡᠨ᠂ ᠬᠢᠯᠢ ᠵᠢᠨ ᠪᠠᠢᠴᠠᠭᠠᠯᠲᠠ᠂ ᠨᠢᠰᠬᠡᠯ ᠤ᠋ᠨ ᠪᠠᠭᠤᠳᠠᠯ ᠤ᠋ᠨ ᠳᠣᠲᠣᠭᠠᠳᠤ ᠵᠢ ᠬᠠᠮᠠᠭᠠᠯᠠᠬᠤ ᠭᠠᠵᠠᠷ ᠵᠡᠷᠭᠡ ᠪᠠᠢᠭᠤᠯᠭ᠎ᠠ ᠨᠢᠭᠡᠴᠢ ᠯᠦ᠍ᠭᠡ ᠨᠢᠭ᠍ᠲᠠ ᠬᠠᠮᠵᠢᠯᠴᠠᠵᠤ᠂ ᠪᠣᠭᠣᠮᠲᠠ ᠪᠡᠷ ᠥᠩᠭᠡᠷᠡᠬᠦ ᠡᠮᠬᠢ ᠳᠢᠭ᠌ᠯᠢᠮ ᠤ᠋ᠨ ᠲᠣᠭᠲᠠᠭᠤᠨ᠂ ᠢᠯᠭᠤᠮ ᠪᠥᠭᠡᠳ ᠥᠨᠳᠥᠷ ᠪᠦᠲᠦᠮᠵᠢᠲᠡᠢ ᠪᠠᠢᠬᠤ ᠵᠢ ᠦᠨᠡᠨ ᠬᠦ᠌ ᠪᠠᠲᠤᠯᠠᠵᠠᠢ᠃

ᠣᠢᠯᠠᠭᠠᠭᠰᠠᠨ ᠶ᠋ᠢᠡᠷ᠂ 2025 ᠣᠨ ᠳ᠋ᠤ ᠣᠷᠳᠣᠰ ᠠᠭᠠᠷ ᠤ᠋ᠨ ᠠᠶᠠᠯᠠᠯ ᠤ᠋ᠨ ᠪᠣᠭᠣᠮᠲᠠ ᠵᠢᠨ ᠠᠶᠠᠨᠴᠢᠳ ᠤ᠋ᠨ ᠪᠣᠭᠣᠮᠲᠠ ᠪᠡᠷ ᠥᠩᠭᠡᠷᠡᠬᠦ ᠳᠤᠮᠳᠠᠴᠢ ᠴᠠᠭ ᠳᠡᠭᠡᠷ᠎ᠡ ᠵᠢᠯ ᠤ᠋ᠨ ᠬᠢ ᠡᠴᠡ 30% ᠪᠡᠷ ᠪᠠᠭᠠᠰᠴᠤ᠂ ᠪᠣᠭᠣᠮᠲᠠ ᠪᠡᠷ ᠥᠩᠭᠡᠷᠡᠬᠦ ᠳ᠋ᠤ ᠰᠠᠭᠠᠳ ᠦᠭᠡᠢ ᠪᠠᠢᠬᠤ ᠪᠠ ᠠᠶᠠᠨᠴᠢᠳ ᠤ᠋ᠨ ᠰᠡᠳᠬᠢᠯ ᠬᠠᠨᠤᠮᠵᠢᠲᠠᠢ ᠪᠠᠢᠬᠤ ᠬᠡᠮᠵᠢᠶ᠎ᠡ ᠪᠦᠷ 98% ᠶ᠋ᠢ ᠳᠠᠪᠠᠵᠠᠢ; ᠣᠶᠤᠨᠲᠤ ᠪᠠᠢᠴᠠᠭᠠᠨ ᠰᠢᠯᠭᠠᠬᠤ ᠲᠥᠬᠦᠭᠡᠷᠦᠮᠵᠢ ᠵᠢᠨ ᠨᠠᠷᠢᠯᠢᠭ᠋ ᠣᠨᠣᠴᠠᠲᠠᠢ ᠪᠡᠷ ᠢᠯᠭᠠᠨ ᠲᠠᠨᠢᠬᠤ ᠮᠡᠷᠭᠡᠵᠢᠯ ᠨᠢ ᠴᠠᠭᠠᠵᠠᠲᠠᠢ ᠡᠳ᠋ ᠪᠣᠳᠠᠰ ᠢ᠋ ᠪᠠᠢᠴᠠᠭᠠᠨ ᠣᠯᠬᠤ ᠨᠣᠷᠮ᠎ᠠ ᠵᠢ ᠳᠡᠭᠡᠭᠰᠢᠯᠡᠭᠦᠯᠵᠦ᠂ ᠪᠤᠭᠤᠮᠳᠠ ᠶ᠋ᠢᠨ ᠠᠮᠤᠷ ᠲᠦᠪᠰᠢᠨ ᠤ᠋ ᠰᠡᠷᠭᠡᠢᠯᠡᠯᠲᠡ ᠵᠢᠨ ᠱᠤᠭᠤᠮ ᠢ᠋ ᠬᠦᠴᠦᠲᠡᠢ ᠪᠡᠬᠢᠵᠢᠭᠦᠯᠦᠨ᠂ ᠪᠣᠭᠣᠮᠲᠠ ᠵᠢᠨ ᠠᠶᠠᠨᠴᠢᠳ ᠤ᠋ᠨ ᠤᠷᠤᠰᠬᠠᠯ᠂ ᠡᠭᠡᠯᠵᠢ ᠵᠢᠨ ᠨᠢᠰᠬᠡᠯ ᠤ᠋ᠨ ᠬᠡᠮᠵᠢᠶ᠎ᠡ ᠵᠢᠨ ᠬᠣᠣᠰ ᠨᠡᠮᠡᠭᠳᠡᠯ ᠳ᠋ᠤ ᠪᠠᠲᠤᠯᠠᠭ᠎ᠠ ᠬᠠᠩᠭᠠᠵᠤ᠂ ᠬᠢᠨᠠᠨ ᠬᠠᠮᠢᠶᠠᠷᠬᠤ ᠦᠢᠯᠡᠳᠦᠯ ᠴᠢᠳᠠᠪᠬᠢ ᠪᠣᠯᠣᠨ ᠪᠣᠭᠣᠮᠲᠠ ᠪᠡᠷ ᠥᠩᠭᠡᠷᠡᠬᠦ ᠳ᠋ᠤ ᠲᠥᠬᠥᠮ ᠦᠵᠡᠭᠦᠯᠬᠦ ᠵᠢ ᠬᠣᠣᠰ ᠴᠢᠭᠯᠡᠯ ᠶ᠋ᠢᠡᠷ ᠳᠡᠭᠡᠭᠰᠢᠯᠡᠭᠦᠯᠦᠭᠰᠡᠨ ᠪᠠᠢᠨ᠎ᠠ᠃

ᠣᠷᠳᠣᠰ ᠪᠣᠭᠣᠮᠲᠠ ᠵᠢᠨ ᠬᠢᠨᠠᠨ ᠬᠠᠮᠢᠶᠠᠷᠤᠯᠲᠠ ᠵᠢᠨ ᠨᠢᠭᠡᠳᠦᠭᠡᠷ ᠰᠠᠯᠠᠭ᠎ᠠ ᠵᠢᠨ ᠬᠠᠷᠢᠭᠤᠴᠠᠯᠭᠠᠲᠠᠨ ᠵᠣᠣ ᠵᠢᠶᠦ᠋ᠨ ᠬᠤ᠌ ᠢᠯᠡᠷᠬᠡᠢᠯᠡᠬᠦ᠎ᠳᠡᠭᠡᠨ᠄ 《2025 ᠣᠨ ᠤ᠋ 5 ᠰᠠᠷ᠎ᠠ ᠡᠴᠡ ᠣᠷᠳᠣᠰ ᠤ᠋ᠨ ᠵᠢᠭᠤᠯᠴᠢᠯᠠᠯ ᠤ᠋ᠨ ᠬᠥᠭᠵᠢᠶᠠᠨᠳᠤ ᠤᠯᠠᠷᠢᠯ ᠡᠬᠢᠯᠡᠨ᠂ ᠣᠷᠳᠣᠰ ᠤ᠋ᠨ ᠡᠵᠡᠨ ᠬᠣᠷᠣᠭ᠎ᠠ ᠨᠢᠰᠬᠡᠯ ᠤ᠋ᠨ ᠪᠠᠭᠤᠳᠠᠯ ᠤ᠋ᠨ ᠣᠯᠠᠨ ᠤᠯᠤᠰ ᠤ᠋ᠨ ᠡᠭᠡᠯᠵᠢ ᠵᠢᠨ ᠨᠢᠰᠬᠡᠯ ᠤ᠋ᠨ ᠡᠳᠦᠷ ᠪᠦᠷᠢ ᠶ᠋ᠢᠨ ᠡᠭᠡᠯᠵᠢ ᠤᠳᠠᠭ᠎ᠠ ᠬᠠᠮᠤᠭ ᠤ᠋ᠨ ᠠᠷᠪᠢᠨ ᠎ᠳᠠᠭᠠᠨ 6 ᠤᠳᠠᠭ᠎ᠠ ᠳ᠋ᠤ ᠬᠦᠷᠦᠭᠰᠡᠨ᠂ ᠣᠳᠣᠬᠠᠨ ᠳ᠋ᠤ ᠣᠷᠳᠣᠰ ᠤ᠋ᠨ ᠡᠵᠡᠨ ᠬᠣᠷᠣᠭ᠎ᠠ ᠨᠢᠰᠬᠡᠯ ᠤ᠋ᠨ ᠪᠠᠭᠤᠳᠠᠯ ᠤ᠋ᠨ ᠬᠢᠯᠢ ᠪᠡᠷ ᠣᠷᠣᠵᠤ ᠭᠠᠷᠬᠤ ᠡᠭᠡᠯᠵᠢ ᠵᠢᠨ ᠨᠢᠰᠬᠡᠯ ᠤ᠋ᠨ ᠳᠤᠭ᠎ᠠ ᠭᠠᠷᠠᠭ ᠳᠤᠮᠳᠠᠴᠢ ᠪᠡᠷ 18 ᠤᠳᠠᠭ᠎ᠠ ᠳ᠋ᠤ ᠬᠦᠷᠴᠦ᠂ ᠬᠢᠯᠢ ᠪᠡᠷ ᠣᠷᠣᠵᠤ ᠭᠠᠷᠬᠤ ᠬᠥᠮᠥᠰ 500 ᠬᠥᠮᠥᠨ ᠤᠳᠠᠭ᠎ᠠ ᠵᠢ ᠳᠠᠪᠠᠵᠤ ᠪᠤᠢ᠂ ᠵᠢᠱ᠌ᠢᠯᠲᠡ ᠪᠡᠷ ᠡᠨᠡ ᠵᠢᠯ ᠪᠠᠰᠠ ᠵᠣᠬᠢᠬᠤ ᠬᠡᠮᠵᠢᠶ᠎ᠡ ᠪᠡᠷ ᠨᠡᠮᠡᠭᠳᠡᠬᠦ ᠪᠣᠯᠣᠨ᠎ᠠ》 ᠭᠡᠵᠤ ᠪᠠᠢᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号