ᠤᠢᠷ᠎ᠠ ᠵᠢᠨ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ᠋ ᠲᠠᠷᠢᠶᠠᠯᠠᠩ ᠮᠠᠯ ᠠᠵᠤ ᠠᠬᠤᠢ᠎ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮᠦ᠋ᠨ ᠰᠢᠯᠭᠠᠨ ᠲᠤᠭᠲᠠᠭᠠᠬᠤ ᠲᠤᠰᠬᠠᠢ ᠮᠡᠷᠭᠡᠵᠢᠯᠲᠡᠨᠦ᠌ ᠳᠤᠭᠤᠢᠯᠠᠩ ᠪᠠᠶᠠᠨᠨᠠᠭᠤᠷ ᠬᠣᠲᠠ᠎ᠶᠢᠨ ᠦᠬᠡᠷ ᠬᠣᠨᠢᠨ᠎ᠤ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ᠎ᠢ᠋ ᠠᠷᠢᠭᠤᠳᠬᠠᠬᠤ ᠰᠢᠨ᠎ᠡ ᠪᠡᠷ ᠭᠤᠶᠤᠴᠢᠯᠠᠨ ᠮᠡᠳᠡᠭᠦᠯᠦᠭᠰᠡᠨ ᠬᠡᠪᠴᠢᠶᠡᠵᠢᠭᠰᠡᠨ ᠲᠡᠵᠢᠭᠡᠪᠦᠷᠢ ᠵᠢᠨ ᠲᠠᠯᠠᠪᠠᠢ᠎ᠳ᠋ᠤ᠌ ᠲᠤᠰᠬᠠᠢ ᠰᠢᠯᠭᠠᠨ ᠬᠤᠷᠢᠶᠠᠬᠤ ᠠᠵᠢᠯ ᠥᠷᠨᠢᠭᠦᠯᠪᠡ᠃ ᠬᠠᠳᠠᠭᠤ ᠴᠢᠩᠭ᠎ᠠ ᠰᠢᠯᠭᠠᠨ ᠲᠣᠭᠲᠠᠭᠠᠬᠤ᠎ᠪᠠᠷ ᠳᠠᠮᠵᠢᠨ᠂ ᠪᠦᠬᠦ ᠬᠣᠲᠠ᠎ᠶ᠋ᠢᠨ 6 ᠲᠡᠵᠢᠭᠡᠪᠦᠷᠢ ᠵᠢᠨ ᠲᠠᠯᠠᠪᠠᠢ ᠠᠷᠢᠭᠤᠳᠬᠠᠭᠰᠠᠨ ᠬᠢᠵᠢᠭ ᠥᠬᠡᠢ ᠪᠦᠲᠦᠭᠡᠨ ᠪᠠᠢᠭᠤᠯᠤᠯᠲᠠ᠎ᠶᠢᠨ ᠰᠢᠯᠭᠠᠨᠲᠤᠭᠲᠠᠭᠠᠬᠤ ᠵᠢ ᠠᠩᠬ᠎ᠠ ᠠᠯᠬᠤᠮ ᠲᠤᠭᠤᠯᠵᠤ᠂ ᠲᠤᠰ ᠬᠣᠲᠠ᠎ᠶ᠋ᠢᠨ ᠠᠮᠢᠲᠠᠨᠤ᠋ ᠭᠡᠮ ᠬᠢᠵᠢᠭ᠎ᠢ᠋ ᠠᠷᠢᠭᠤᠳᠬᠠᠬᠤ ᠠᠵᠢᠯ ᠱᠠᠲᠤᠴᠢ ᠴᠢᠨᠠᠷᠲᠠᠢ ᠠᠮᠵᠢᠯᠲᠠ ᠣᠯᠤᠭᠰᠠᠨᠢ᠋ ᠬᠠᠷᠠᠭᠤᠯᠵᠤ ᠪᠤᠢ᠃
ᠲᠤᠰ ᠤᠳᠠᠭᠠᠨ᠎ᠤ᠋ ᠰᠢᠯᠭᠠᠨ ᠬᠤᠷᠢᠶᠠᠬᠤ ᠠᠵᠢᠯ ︽ᠰᠠᠭᠠᠯᠢ᠎ᠶ᠋ᠢᠨ ᠦᠨᠢᠶ᠎ᠡ᠎ᠶ᠋ᠢᠨ ᠪᠷᠦ᠋ᠼᠧᠯ ᠡᠪᠡᠳᠴᠢᠨ ᠪᠠ ᠰᠦᠷᠢᠶ᠎ᠡ ᠡᠪᠡᠳᠴᠢᠨ᠎ᠤ ᠠᠷᠢᠭᠤᠳᠬᠠᠬᠤ ᠲᠠᠯᠠᠪᠠᠢ᠎ᠶ᠋ᠢ ᠰᠢᠯᠭᠠᠨ ᠲᠤᠭᠲᠠᠭᠠᠬᠤ ᠪᠠᠷᠢᠮᠵᠢᠶ᠎ᠠ︾᠎ᠯᠤᠭ᠎ᠠ ᠴᠢᠩᠭ᠎ᠠ ᠬᠠᠷᠭᠤᠭᠤᠯᠵᠤ᠂ ᠬᠠᠷᠢᠭᠤ ᠮᠡᠳᠡᠭᠦᠯᠦᠯᠲᠡ᠎ᠶ᠋ᠢ ᠰᠣᠨᠣᠰᠬᠤ᠂ ᠡᠬᠡ ᠳᠠᠩᠰᠠ᠎ᠶ᠋ᠢ ᠦᠵᠡᠨ ᠯᠠᠪᠯᠠᠬᠤ᠂ ᠲᠤᠬᠠᠢ᠎ᠶ᠋ᠢᠨ ᠲᠠᠯᠠᠪᠠᠢ᠎ᠳ᠋ᠤ᠌ ᠪᠠᠢᠴᠠᠭᠠᠨ ᠦᠵᠡᠬᠦ᠂ ᠦᠯᠢᠭᠡᠷ ᠠᠪᠴᠤ ᠰᠢᠨᠵᠢᠯᠡᠨ ᠪᠠᠢᠴᠠᠭᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠲᠡᠵᠢᠭᠡᠪᠦᠷᠢ ᠵᠢᠨ ᠲᠠᠯᠠᠪᠠᠢ᠎ᠶ᠋ᠢᠨ ᠭᠡᠮ ᠬᠢᠵᠢᠭ ᠰᠡᠷᠭᠡᠢᠯᠡᠬᠦ ᠲᠦᠬᠦᠭᠡᠷᠦᠮᠵᠢ ᠲᠣᠬᠢᠷᠠᠭᠤᠯᠬᠤ᠂ ᠠᠵᠢᠯᠲᠠᠨᠤ᠋ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠂ ᠵᠤᠯᠪᠤᠳᠠᠰᠤ᠎ᠶᠢ ᠬᠣᠣᠷ ᠦᠭᠡᠢᠳᠡᠭᠦᠯᠦᠨ ᠰᠢᠢᠳᠪᠦᠷᠢᠯᠡᠬᠦ ᠵᠡᠷᠭᠡ ᠵᠠᠩᠭᠢᠯᠠᠭ᠎ᠠ᠎ᠶ᠋ᠢᠨ ᠭᠣᠭᠴᠣᠭ᠎ᠠ᠎ᠶ᠋ᠢ ᠭᠣᠣᠯᠳᠠᠯᠭ᠎ᠠ᠎ᠲᠠᠢ ᠬᠢᠨᠠᠨ ᠪᠠᠢᠴᠠᠭᠠᠵᠠᠢ᠃
ᠣᠢᠯᠠᠭᠠᠭᠰᠠᠨ᠎ᠢ᠋ᠶ᠋ᠠᠷ᠂ ᠪᠠᠶᠠᠨᠨᠠᠭᠤᠷ ᠬᠣᠲᠠ᠎ᠶ᠋ᠢᠨ ᠠᠮᠢᠲᠠᠨᠤ᠋ ᠭᠡᠮ ᠬᠢᠵᠢᠭ᠎ᠢ᠋ ᠰᠡᠷᠭᠡᠢᠯᠡᠨ ᠡᠵᠡᠮᠳᠡᠬᠦ ᠲᠥᠪ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ᠋ ᠭᠡᠮ ᠬᠢᠵᠢᠭ᠎ᠢ᠋ ᠰᠡᠷᠭᠡᠢᠯᠡᠨ ᠡᠵᠡᠮᠳᠡᠬᠦ ᠲᠥᠪ᠂ ᠳᠤᠮᠳᠠᠳᠤ ᠤᠯᠤᠰ᠎ᠤ᠋ᠨ ᠲᠠᠷᠢᠶᠠᠯᠠᠩ᠎ᠤ᠋ᠨ ᠰᠢᠨᠵᠢᠯᠡᠬᠦ ᠤᠬᠠᠭᠠᠨ᠎ᠤ᠋ ᠬᠦᠷᠢᠶᠡᠯᠡᠩᠦ᠋ᠨ ᠨᠤᠲᠤᠭ ᠪᠡᠯᠴᠢᠭᠡᠷᠦ᠋ᠨ ᠰᠤᠳᠤᠯᠭᠠᠨ᠎ᠤ᠋ ᠭᠠᠵᠠᠷ᠂ ᠥᠪᠥᠷ ᠮᠣᠩᠭᠣᠯ᠎ᠤ᠋ᠨ ᠲᠠᠷᠢᠶᠠᠯᠠᠩ᠎ᠤ᠋ᠨ ᠶᠡᠬᠡ ᠰᠤᠷᠭᠠᠭᠤᠯᠢ᠎ᠲᠠᠢ ᠬᠠᠮᠲᠤᠷᠠᠨ᠂ ᠦᠬᠡᠷ ᠬᠣᠨᠢᠨ᠎ᠤ ᠪᠷᠦ᠋ᠼᠧᠯ ᠡᠪᠡᠳᠴᠢᠨ᠎ᠢ᠋ ᠰᠡᠷᠭᠡᠢᠯᠡᠨ ᠡᠵᠡᠮᠳᠡᠵᠦ ᠦᠯᠦ ᠬᠠᠯᠳᠠᠭᠠᠬᠤ ᠵᠠᠩᠭᠢᠯᠠᠭ᠎ᠠ᠎ᠶ᠋ᠢᠨ ᠰᠢᠨ᠎ᠡ᠎ᠶ᠋ᠢ ᠡᠭᠦᠳᠬᠦ ᠮᠡᠷᠭᠡᠵᠢᠯ᠎ᠦ᠋ᠨ ᠵᠢᠱ᠌ᠢᠶ᠎ᠡ ᠦᠵᠡᠭᠦᠯᠵᠦ ᠳᠡᠯᠭᠡᠷᠡᠭᠦᠯᠬᠦ ᠲᠥᠷᠥᠯ ᠵᠦᠢᠯ᠎ᠢ᠋ ᠬᠠᠮᠲᠤ ᠪᠠᠷ ᠥᠷᠨᠢᠭᠦᠯᠪᠡ᠃ ᠬᠢᠨᠠᠨ ᠬᠡᠮᠵᠢᠭᠰᠡᠨ ᠲᠣᠭ᠎ᠠ ᠪᠠᠷᠢᠮᠲᠠᠳ᠋ᠤ᠌ ᠢᠯᠡᠷᠡᠭᠦᠯᠦᠭᠰᠡᠨᠢ᠋ᠶ᠋ᠡᠷ᠂ 2023 ᠣᠨ᠎ᠲᠠᠢ ᠬᠠᠷᠢᠴᠠᠭᠤᠯᠪᠠᠯ᠂ ᠦᠬᠡᠷᠦ᠋ᠨ ᠪᠷᠦ᠋ᠼᠧᠯ ᠡᠪᠡᠳᠴᠢᠨ᠎ᠦ᠌ ᠰᠦᠷᠦᠭᠦ᠋ᠨ ᠠᠷᠭ᠎ᠠ ᠴᠢᠨᠠᠷ᠎ᠤ᠋ᠨ ᠨᠣᠷᠮ᠎ᠠ ᠨᠢ 30.96% ᠪᠠᠷ ᠪᠠᠭᠤᠷᠠᠵᠤ᠂ ᠬᠤᠨᠢᠨ᠎ᠤ ᠪᠷᠦ᠋ᠼᠧᠯ ᠡᠪᠡᠳᠴᠢᠨ᠎ᠦ᠌ ᠰᠦᠷᠦᠭᠦ᠋ᠨ ᠠᠷᠭ᠎ᠠ ᠴᠢᠨᠠᠷ᠎ᠤ᠋ᠨ ᠨᠣᠷᠮ᠎ᠠ ᠨᠢ 67.19% ᠪᠡᠷ ᠪᠠᠭᠤᠷᠠᠵᠤ᠂ ᠲᠥᠷᠥᠯ ᠵᠦᠢᠯ ᠨᠢ ᠨᠡᠯᠢᠶᠡᠳ ᠰᠠᠢᠨ ᠠᠵᠤ ᠠᠬᠤᠢ᠂ ᠨᠡᠢᠭᠡᠮ ᠪᠣᠯᠤᠨ ᠠᠮᠢ ᠠᠬᠤᠢ᠎ᠶ᠋ᠢᠨ ᠦᠷ᠎ᠡ ᠠᠰᠢᠭ᠎ᠢ ᠡᠭᠦᠳᠦᠭᠰᠡᠨ ᠪᠠᠢᠨ᠎ᠠ᠃