ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠦᠨᠲᠤᠰᠤᠲᠠᠨ ᠤ᠋ ᠬᠡᠷᠡᠭ ᠡᠷᠬᠢᠯᠡᠬᠦ ᠵᠦᠪᠯᠡᠯ ᠡᠴᠠ ᠤᠢᠯᠠᠭᠠᠭᠰᠠᠨ᠎ᠢᠶᠡᠷ᠂ ᠪᠠᠶᠠᠨᠨᠠᠭᠤᠷ ᠬᠤᠲᠠ ᠵᠢᠨ ᠳ᠋ᠸᠩᠺᠸᠤ ᠱᠢᠶᠠᠨ ᠦᠨᠳᠦᠰᠦᠲᠡᠨ᠎ᠦ ᠭᠠᠵᠠᠷ ᠣᠷᠣᠨ᠎ᠤ 《ᠱᠢᠨ᠎ᠡ ᠬᠤᠳᠠ᠎ᠶ᠋ᠢᠨ ᠠᠷᠠᠳ》ᠲᠸ᠋ ᠬᠦᠴᠤᠨ ᠨᠡᠮᠡᠷᠢᠯᠡᠬᠦ ᠠᠵᠢᠯᠯᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ᠌ ᠦᠢᠯᠡᠴᠢᠯᠡᠭᠡᠨ᠎ᠦ ᠱᠢᠰᠲᠸᠮ᠎ᠤᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂《ᠱᠢᠨ᠎ᠡ ᠬᠤᠳᠠ᠎ᠶ᠋ᠢᠨ ᠠᠷᠠᠳ》 ᠤ᠋ᠨ ᠬᠠᠤᠯᠢ ᠪᠡᠷ ᠵᠠᠰᠠᠬᠤ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠶᠠᠨ᠂ ᠪᠠᠯᠭᠠᠰᠤ ( ᠵᠡᠭᠡᠯᠢ)᠂ ᠲᠣᠰᠭᠣᠨ (ᠰᠠᠭᠤᠭᠠᠯᠢ ᠠᠷᠠᠳ) ᠭᠤᠷᠪᠠᠨ ᠱᠠᠲᠤᠨ᠎ᠤ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ᠌ ᠦᠢᠯᠡᠴᠢᠯᠡᠭᠡᠨ᠎ᠦ ᠱᠢᠰᠲᠸᠮ᠎ᠢ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠳᠤ ᠬᠠᠤᠯᠢ ᠪᠡᠷ ᠵᠠᠰᠠᠬᠤ ᠬᠥᠳᠡᠯᠭᠡᠬᠦ᠌ ᠡᠨᠧᠷᠭᠢ ᠨᠡᠮᠡᠷᠢᠯᠡᠪᠡ᠃
ᠲᠠᠨᠢᠯᠴᠠᠭᠤᠯᠤᠭᠰᠠᠨ᠎ᠢᠶᠡᠷ᠂ ᠪᠦᠬᠦ᠌ ᠱᠢᠶᠠᠨ᠎ᠳᠤ ᠨᠡᠢᠲᠡ 16 ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠠᠵᠢᠯᠯᠠᠬᠤ ᠥᠷᠲᠡᠭᠡ ᠪᠠᠢᠭᠤᠯᠵᠤ᠂ ᠡᠯ᠎ᠡ ᠪᠠᠯᠭᠠᠰᠤ ᠵᠢᠴᠢ ᠱᠢᠭᠦᠬᠦ᠌ ᠬᠣᠷᠢᠶ᠎ᠠ ᠵᠡᠷᠭᠡ ᠭᠣᠣᠯᠳᠠᠯᠭ᠎ᠠ᠎ᠲᠠᠶ ᠰᠠᠯᠠᠭ᠎ᠠ ᠮᠥᠴᠢᠷ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠦ᠍᠂ 《ᠬᠠᠭᠠᠰ ᠴᠠᠭ᠎ᠤᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠦᠢᠯᠡᠴᠢᠯᠡᠭᠡᠨ᠎ᠦ ᠲᠣᠭᠣᠷᠢᠭ》 ᠢ᠋ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠢᠷ᠎ᠠ ᠬᠠᠪᠢ᠎ᠳᠠᠭᠠᠨ ᠠᠳᠠᠯᠢ ᠲᠡᠭ᠌ᠰᠢ ᠬᠠᠤᠯᠢ ᠴᠠᠭᠠᠵᠠ᠎ᠶ᠋ᠢᠨ ᠦᠢᠯᠡᠴᠢᠯᠡᠭᠡ ᠬᠦᠷᠲᠡᠬᠦ᠌᠎ᠶ᠋ᠢ ᠦᠨᠡᠨ ᠬᠦ᠌ ᠪᠠᠲᠤᠯᠠᠵᠠᠢ᠃ ᠡᠭᠦᠨ᠎ᠦ ᠬᠠᠮᠲᠤ ᠲᠤᠨᠤᠭ ᠲᠦᠬᠦᠬᠡᠷᠤᠮᠵᠢ ᠵᠢᠨ ᠡᠬᠢ ᠪᠠᠶᠠᠯᠢᠭ᠎ᠢ ᠨᠢᠢᠳᠬᠡᠵᠤ᠂ ᠠᠵᠢᠯᠯᠠᠬᠤ ᠲᠤᠨᠤᠭ ᠲᠦᠬᠦᠬᠡᠷᠤᠮᠵᠢ ᠪᠠ ᠮᠡᠳᠡᠭᠡ ᠵᠠᠩᠭᠢ᠎ᠶ᠋ᠢᠨ ᠱᠢᠰᠲ᠋ᠧᠮ᠎ᠢ ᠬᠠᠮᠲᠤ ᠪᠠᠷ ᠡᠳ᠋ᠯᠡᠬᠦ᠂ ᠭᠥᠯᠢᠶᠡᠨ ᠠᠪᠴᠤ᠌ ᠳᠡᠩᠰᠡᠯᠡᠨ ᠲᠡᠮᠳᠡᠭ᠌ᠯᠡᠬᠦ᠌᠂ ᠠᠩᠬ᠎ᠠ ᠭᠥᠯᠢᠶᠡᠨ ᠠᠪᠤᠭ᠍ᠴᠢ᠎ᠠᠴᠠ ᠬᠠᠷᠢᠭᠤᠴᠠᠬᠤ᠂ ᠴᠠᠭ ᠬᠢᠵᠠᠭᠠᠷᠯᠠᠨ ᠭᠦᠶ᠋ᠴᠡᠳᠭᠡᠵᠦ᠍ ᠳᠠᠭᠤᠰᠭᠠᠬᠤ ᠵᠡᠷᠭᠡ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠤᠨ᠂ 《ᠠᠵᠢᠯᠯᠠᠬᠤ ᠥᠷᠲᠡᠭᠡ᠎ᠶ᠋ᠢᠨ ᠠᠵᠢᠯ᠎ᠤᠨ ᠡᠭᠦᠷᠭᠡ ᠬᠠᠷᠢᠭᠤᠴᠠᠯᠭ᠎ᠠ》 ᠶ᠋ᠢ ᠨᠠᠢᠷᠠᠭᠤᠯᠤᠨ ᠵᠣᠬᠢᠶᠠᠵᠤ᠂ ᠥᠷᠲᠡᠭᠡ ᠴᠡᠭ ᠢ ᠠᠵᠢᠯᠯᠠᠭᠤᠯᠬᠤ᠎ᠳᠤ ᠵᠢᠷᠤᠮᠯᠠᠬᠤ᠎ᠠᠴᠠ ᠲᠦᠷᠢᠮ᠎ᠲᠡᠶ᠂ ᠦᠶ᠋ᠯᠡᠴᠢᠯᠡᠬᠦ ᠡᠴᠡ ᠦᠨᠳᠦᠰᠦᠯᠡᠯ᠎ᠲᠡᠶ ᠪᠣᠯᠭᠠᠵᠠᠢ᠃
ᠪᠦᠷᠢᠨ ᠲᠡᠭᠦᠯᠳᠡᠷ ᠦᠶ᠋ᠯᠡᠴᠢᠯᠡᠭᠡᠨ᠎ᠦ ᠲᠤᠤᠷ᠎ᠨᠢ ᠭᠠᠵᠠᠷ ᠣᠷᠣᠨ᠎ᠤ ᠬᠣᠷᠢᠭ᠎ᠠ ᠰᠠᠭᠠᠳ᠎ᠢ ᠡᠪᠳᠡᠵᠦ᠍᠂ 《ᠱᠢᠨ᠎ᠡ ᠬᠣᠲᠠ᠎ᠶ᠋ᠢᠨ ᠠᠷᠠᠳ》᠎ᠢ᠋ ᠲᠣᠰ ᠭᠠᠵᠠᠷ ᠤᠨ ᠠᠮᠢᠳᠤᠷᠠᠯ᠎ᠳᠤ ᠠᠭᠤᠰᠤᠯᠴᠠᠭᠤᠯᠵᠤ᠂ ᠪᠠᠲᠤ ᠪᠠᠬᠢ ᠬᠠᠤᠯᠢ ᠪᠡᠷ ᠵᠠᠰᠠᠬᠤ ᠬᠥᠭᠥᠷᠭᠡ ᠬᠤᠯᠪᠤᠭᠠᠰᠦ ᠶ᠋ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃