ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠨᠡᠢᠭᠡᠮ ᠲᠣᠭᠣᠷᠢᠭ᠋᠎ᠲᠤ ᠬᠦᠷᠭᠡᠨ᠎ᠡ
2026-01-29 16:47:20
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ 《12348》 ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠬᠠᠯᠠᠮᠰᠢᠯ ᠤᠲᠠᠰᠤᠨ᠎ᠤ ᠲᠠᠪᠴᠠᠩ᠎ᠤᠨ ᠬᠢᠨ ᠬᠦᠬᠡᠬᠤᠲᠠ ᠢ᠋ᠢᠨ ᠰᠢᠨ᠎ᠡ ᠬᠤᠲᠠ ᠲᠤᠭᠤᠷᠢᠭ᠎ᠤᠨ ᠵᠡᠭᠦᠨ ᠵᠡᠭᠡᠯᠢ ᠢ᠋ᠢᠨ ᠵᠡᠭᠡᠯᠢ ᠭᠤᠲᠤᠮᠵᠢ ᠢ᠋ᠢᠨ ᠾᠧ ᠰᠢ ᠨᠡᠢᠭᠡᠮ ᠲᠣᠭᠣᠷᠢᠭ᠋᠎ᠤᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠥᠷᠲᠡᠭᠡ᠎ᠲᠠᠢ ᠬᠠᠮᠲᠤᠷᠠᠨ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢ᠎ᠶᠢᠨ ᠲᠤᠰᠬᠠᠢ ᠰᠡᠳᠦᠪᠲᠦ ᠬᠠᠤᠯᠢ ᠲᠦᠭᠡᠮᠡᠯᠵᠢᠭᠦᠯᠬᠦ ᠲᠠᠢᠯᠤᠮᠵᠢ ᠥᠷᠨᠢᠭᠦᠯᠪᠡ᠃ 

ᠥᠪᠥᠷ ᠮᠣᠩᠭᠣᠯ᠎ᠤᠨ 《12348》 ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠬᠠᠯᠠᠮᠰᠢᠯ ᠤᠲᠠᠰᠤᠨ᠎ᠤ ᠲᠠᠪᠴᠠᠩ᠎ᠤᠨ ᠵᠢᠵᠢᠭᠦᠷ ᠬᠠᠤᠯᠢᠴᠢ ᠰᠠᠷᠠᠭᠤᠯ ᠨᠡᠢᠲᠡᠯᠢᠭ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ᠂ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢ᠎ᠶᠢᠨ ᠭᠣᠣᠯ ᠴᠢᠬᠤᠯᠠ ᠠᠭᠤᠯᠭ᠎ᠠ᠎ᠶᠢ ᠲᠥᠬᠥᠮ ᠣᠢᠯᠠᠭᠠᠮᠵᠢᠲᠠᠢ ᠦᠭᠡ ᠬᠡᠯᠡ᠎ᠪᠡᠷ ᠲᠠᠢᠯᠪᠤᠷᠢᠯᠠᠵᠤ᠂ ᠭᠤᠶᠤᠴᠢᠯᠠᠬᠤ ᠨᠥᠬᠥᠴᠡᠯ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠭᠦᠢᠴᠡᠳᠬᠡᠬᠦ ᠶᠠᠪᠤᠴᠠ ᠵᠡᠷᠭᠡ ᠵᠠᠩᠭᠢᠯᠠᠭ᠎ᠠ᠎ᠶᠢᠨ ᠮᠡᠳᠡᠭᠡ ᠵᠠᠩᠭᠢ ᠎ᠶᠢ ᠭᠣᠣᠯᠳᠠᠯᠭ᠎ᠠ᠎ᠲᠠᠢ ᠲᠠᠢᠯᠪᠤᠷᠢᠯᠠᠨ᠂ ᠨᠠᠰᠤᠲᠠᠢᠴᠤᠳ᠂ ᠬᠥᠯᠥᠰᠦᠨ ᠲᠠᠷᠢᠶᠠᠴᠢᠨ᠂ ᠨᠠᠰᠤᠨ᠎ᠳᠤ ᠥᠯᠥ ᠬᠦᠷᠦᠭᠰᠡᠳ ᠵᠡᠷᠭᠡ ᠭᠣᠣᠯᠳᠠᠯᠭ᠎ᠠ᠎ᠲᠠᠢ ᠬᠦᠮᠦᠰ᠎ᠤᠨ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠳᠤ ᠴᠢᠭᠯᠡᠭᠦᠯᠦᠨ ᠲᠤᠰᠬᠠᠢ ᠲᠣᠳᠣᠷᠬᠠᠢᠯᠠᠯᠲᠠ ᠬᠢᠪᠡ᠃ ᠠᠰᠠᠭᠤᠯᠲᠠ ᠶ᠋ᠢ ᠬᠠᠷᠢᠭᠤᠯᠬᠤ ᠭᠤᠬᠴᠤᠭ᠎ᠠ᠎ᠳᠤ᠂ ᠰᠠᠭᠤᠭᠠᠯᠢ ᠠᠷᠠᠳ ᠬᠥᠳᠡᠯᠮᠦᠷᠢ ᠶ᠋ᠢᠨ ᠮᠠᠷᠭᠤᠯᠳᠤᠭᠠᠨ᠂ ᠠᠴᠢᠯᠠᠨ ᠲᠡᠵᠢᠭᠡᠬᠦ ᠵᠠᠭᠤᠷᠠᠯᠳᠤᠭᠠᠨ᠂ ᠠᠵᠢᠯ᠎ᠤᠨ ᠬᠠᠷᠠᠭ᠎ᠠ ᠠ᠋ᠴᠠ ᠪᠣᠯᠤᠭᠰᠠᠨ ᠭᠡᠮᠲᠦᠯ᠎ᠦᠨ ᠲᠥᠯᠥᠪᠦᠷᠢ ᠵᠡᠷᠭᠡ ᠠᠰᠠᠭᠤᠳᠠᠯ ᠎ᠤᠨ ᠲᠣᠭᠣᠷᠢᠨ᠎ᠳᠤ ᠢᠳᠡᠪᠬᠢᠲᠡᠢ᠎ᠪᠡᠷ ᠠᠰᠠᠭᠤᠯᠲᠠ ᠳᠤᠷᠠᠳᠴᠤ᠂ ᠬᠠᠤᠯᠢᠴᠢ ᠨᠢᠭᠡᠳ ᠨᠢᠭᠡ ᠎ᠪᠡᠷ ᠬᠦᠯᠢᠴᠡᠩᠭᠦᠢ ᠎ᠪᠡᠷ ᠬᠠᠷᠢᠭᠤᠯᠲᠠ ᠥᠭᠴᠡᠢ᠃ ᠠᠵᠢᠯᠯᠠᠭ᠎ᠠ ᠨᠢ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢ ᠢ᠋ᠢᠨ ᠮᠡᠳᠡᠬᠦ ᠨᠤᠷᠮ᠎ᠠ ᠪᠣᠯᠣᠨ ᠬᠠᠮᠤᠷᠬᠤ ᠬᠡᠪᠴᠢᠶ᠎ᠡ᠎ᠶᠢ ᠪᠦᠲᠦᠮᠵᠢᠲᠡᠢ ᠳᠡᠭᠡᠭᠰᠢᠯᠡᠭᠦᠯᠵᠦ᠂ ᠰᠠᠭᠤᠭᠠᠯᠢ ᠠᠷᠠᠳ᠎ᠲᠤ ᠬᠠᠤᠯᠢ ᠴᠠᠭᠠᠵᠠ᠎ᠶᠢᠨ ᠵᠡᠪᠰᠡᠭ᠎ᠢᠶᠡᠷ ᠲᠤᠰ ᠪᠡᠶ᠎ᠡ᠎ᠶᠢᠨ ᠡᠷᠬᠡ ᠠᠰᠢᠭ᠋᠎ᠢᠶᠠᠨ ᠬᠠᠮᠠᠭᠠᠯᠠᠬᠤ᠎ᠶᠢ ᠠᠬᠢᠭᠤᠯᠵᠠᠢ᠃

ᠥᠪᠥᠷ ᠮᠣᠩᠭᠣᠯ ᠎ᠤᠨ 《12348》 ᠣᠯᠠᠨ ᠨᠡᠶ᠋ᠢᠲᠡ ᠎ᠶᠢᠨ ᠬᠠᠤᠯᠢ ᠴᠠᠭᠠᠵᠠ ᠎ᠶᠢᠨ ᠦᠢᠯᠡᠴᠢᠯᠡᠭᠡᠨ᠎ᠦ ᠬᠠᠯᠠᠮᠰᠢᠯ ᠤᠲᠠᠰᠤᠨ᠎ᠤ ᠲᠠᠪᠴᠠᠩ ᠎ᠤᠨ ᠬᠢᠨ ᠨᠡᠢᠭᠡᠮ ᠲᠣᠭᠣᠷᠢᠭ᠋᠎ᠲᠤ ᠦᠷᠭᠦᠯᠵᠢᠯᠡᠨ ᠣᠷᠣᠵᠤ ᠬᠠᠤᠯᠢ ᠲᠦᠭᠡᠮᠡᠯᠵᠢᠭᠦᠯᠬᠦ ᠪᠠᠢᠩᠭᠤ᠎ᠶᠢᠨ ᠠᠵᠢᠯᠯᠠᠭ᠎ᠠ᠎ᠶᠢ ᠥᠷᠨᠢᠭᠦᠯᠬᠦ ᠪᠣᠯᠣᠨ᠎ᠠ᠃ ᠲᠠᠪᠴᠠᠩ ᠨᠢ ᠤᠬᠠᠭᠤᠯᠤᠨ ᠲᠠᠢᠯᠪᠤᠷᠢᠯᠠᠬᠤ ᠬᠡᠯᠪᠡᠷᠢ᠎ᠶᠢᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠤᠯᠠᠨ ᠲᠦᠮᠡᠨ᠎ᠦ ᠳᠡᠷᠭᠡᠳᠡ ᠬᠦᠷᠲᠡᠯ᠎ᠡ ᠦᠷᠭᠦᠯᠵᠢᠯᠡᠭᠦᠯᠵᠦ᠂ ᠬᠠᠤᠯᠢ ᠪᠡᠷ ᠵᠠᠰᠠᠬᠤ ᠦᠵᠡᠯᠲᠡ᠎ᠶᠢ ᠦᠨᠳᠦᠰᠦᠨ ᠱᠠᠲᠤᠨ᠎ᠤ ᠤᠯᠠᠨ ᠲᠦᠮᠡᠨ᠎ᠤ ᠰᠡᠳᠬᠢᠯ ᠎ᠳᠦ ᠬᠠᠳᠠᠩᠰᠢᠭᠤᠯᠵᠤ᠂ ᠠᠮᠤᠷ ᠠᠮᠤᠭᠤᠯᠠᠩ᠂ ᠡᠶ᠎ᠡ ᠵᠣᠬᠢᠴᠠᠩᠭᠤᠢ ᠨᠡᠢᠭᠡᠮ ᠲᠣᠭᠣᠷᠢᠭ᠋ ᠎ᠢ ᠡᠭᠦᠳᠦᠨ ᠪᠠᠶ᠋ᠢᠭᠤᠯᠬᠤ᠎ᠳᠤ ᠪᠠᠲᠤ ᠪᠡᠬᠢ ᠬᠠᠤᠯᠢ ᠪᠡᠷ ᠵᠠᠰᠬᠠᠤ ᠰᠠᠭᠤᠷᠢ᠎ᠶᠢ ᠲᠠᠯᠪᠢᠬᠤ ᠪᠣᠯᠣᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号