ᠥᠪᠥᠷ ᠮᠣᠩᠭᠣᠯ 《ᠬᠣᠶᠠᠷ ᠬᠠᠤᠯᠢ》 ᠵᠢ ᠤᠬᠠᠭᠤᠯᠤᠨ ᠲᠤᠭᠤᠰᠢᠯᠠᠭᠤᠯᠬᠤ ᠠᠵᠢᠯ᠎ᠢ ᠪᠠᠢᠷᠢᠯᠠᠭᠤᠯᠪᠠ
2026-01-29 16:49:24
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠬᠤᠷᠠᠯ ᠬᠤᠷᠠᠯᠳᠤᠭᠤᠯᠵᠤ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠲᠣᠰᠬᠣᠨ᠎ᠤ ᠠᠷᠠᠳ ᠎ᠤᠨ ᠵᠥᠪᠯᠡᠯ᠎ᠦᠨ ᠵᠣᠬᠢᠶᠠᠨ ᠪᠠᠶ᠋ᠢᠭᠤᠯᠬᠤ ᠬᠠᠤᠯᠢ᠂ ᠬᠣᠲᠠ᠎ᠶᠢᠨ ᠰᠠᠭᠤᠭᠠᠯᠢ ᠠᠷᠠᠳ᠎ᠤᠨ ᠵᠥᠪᠯᠡᠯ ᠎ᠦᠨ ᠵᠣᠬᠢᠶᠠᠨ ᠪᠠᠶ᠋ᠢᠭᠤᠯᠬᠤ ᠬᠠᠤᠯᠢ(ᠳᠣᠷᠣᠭ᠍ᠰᠢ 《ᠬᠣᠶᠠᠷ ᠬᠠᠤᠯᠢ》 ᠭᠡᠵᠦ ᠲᠣᠪᠴᠢᠯᠠᠨ᠎ᠠ) ᠎ᠵᠢ ᠰᠤᠷᠤᠯᠴᠠᠵᠤ᠂ ᠪᠥᠬᠥ ᠤᠯᠤᠰ᠎ᠤᠨ ᠦᠨᠳᠦᠰᠦᠨ ᠱᠠᠲᠤᠨ ᠎ᠤ ᠵᠠᠰᠠᠯᠲᠠ ᠵᠢᠨ ᠬᠠᠤᠯᠢᠵᠢᠭᠰᠠᠨ ᠠᠵᠢᠯ᠎ᠢ ᠠᠬᠢᠭᠤᠯᠬᠤ ᠬᠤᠷᠠᠯ᠎ᠤᠨ ᠱᠠᠭᠠᠷᠳᠠᠯᠭ᠎ᠠ ᠵᠢ  ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃

ᠬᠤᠷᠠᠯ ᠡᠴᠡ᠂ ᠪᠥᠬᠥ ᠤᠯᠤᠰ᠎ᠤᠨ ᠦᠨᠳᠦᠰᠦᠨ ᠱᠠᠲᠤᠨ᠎ᠤ ᠵᠠᠰᠠᠯᠲᠠ ᠵᠢᠨ ᠬᠠᠤᠯᠢᠵᠢᠭᠰᠠᠨ ᠠᠵᠢᠯ᠎ᠢ ᠠᠬᠢᠭᠤᠯᠬᠤ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ ᠪᠡᠷ ᠨᠠᠢᠲᠠᠪᠤᠷᠢᠵᠢᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠦᠨᠳᠦᠰᠦᠨ ᠱᠠᠲᠤᠨ᠎ᠤ ᠵᠠᠰᠠᠯᠲᠠ᠎ᠳᠤ ᠲᠤᠯᠭᠠᠷᠠᠵᠤ ᠪᠠᠢᠭ᠎ᠠ ᠰᠢᠨ᠎ᠡ ᠪᠠᠢᠳᠠᠯ᠂ ᠰᠢᠨ᠎ᠡ ᠥᠷᠢᠰᠦᠯᠳᠦᠭᠡᠨ᠎ᠢ ᠭᠦᠨᠵᠡᠭᠡᠢ ᠲᠠᠨᠢᠵᠤ᠂ 《ᠬᠣᠶᠠᠷ ᠬᠠᠤᠯᠢ》 ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠣᠣᠯᠳᠠᠯᠭ᠎ᠠ᠎ᠲᠠᠢ ᠡᠭᠦᠷᠭᠡ ᠪᠣᠯᠣᠨ ᠪᠣᠳᠠᠲᠠᠢ ᠱᠠᠭᠠᠷᠳᠠᠯᠭ᠎ᠠ᠎ᠶᠢ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ᠎ᠤ ᠬᠠᠤᠯᠢᠵᠢᠬᠰᠠᠨ ᠵᠠᠰᠠᠯᠲᠠ᠎ᠪᠡᠷ ᠦᠨᠳᠦᠰᠦᠨ ᠱᠠᠲᠤᠨ᠎ᠤ ᠵᠠᠰᠠᠯᠲᠠ᠎ᠶᠢᠨ ᠣᠳᠣᠬᠢᠴᠢᠯᠠᠯᠲᠠ᠎ᠶᠢ ᠠᠬᠢᠭᠤᠯᠬᠤ ᠬᠡᠷᠡᠭᠲᠡᠢ᠃ 《ᠬᠣᠶᠠᠷ ᠬᠠᠤᠯᠢ》᠎ᠳᠡᠬᠢ ᠨᠠᠮ᠎ᠤᠨ ᠦᠨᠳᠦᠰᠦᠨ ᠱᠠᠲᠤᠨ᠎ᠤ ᠵᠠᠰᠠᠯᠲᠠ᠎ᠶᠢᠨ ᠠᠵᠢᠯ᠎ᠳᠠᠬᠢ ᠤᠳᠤᠷᠢᠳᠤᠯᠭ᠎ᠠ᠎ᠶᠢ ᠴᠢᠩᠭᠠᠳᠬᠠᠬᠤ ᠲᠤᠬᠠᠢ ᠲᠣᠭᠲᠠᠭᠠᠯ ᠎ᠤᠨ ᠱᠠᠭᠠᠷᠳᠠᠯᠭ᠎ᠠ ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠰᠬᠣᠨ(ᠨᠡᠢᠭᠡᠮ ᠲᠣᠭᠣᠷᠢᠭ᠋)ᠤ᠋ ᠨᠠᠮ ᠎ᠤᠨ ᠵᠣᠬᠢᠶᠠᠨ ᠪᠠᠢᠭᠤᠯᠤᠯᠲᠠ᠎ᠶᠢᠨ ᠠᠷᠠᠳᠴᠢᠯᠠᠯ ᠎ᠢᠶᠠᠷ ᠰᠣᠩᠭᠣᠭᠤᠯᠢ ᠶᠠᠪᠤᠭᠤᠯᠬᠤ᠂ ᠠᠷᠠᠳᠴᠢᠯᠠᠯ᠎ᠢᠶᠠᠷ ᠵᠥᠪᠳᠡᠯᠴᠡᠬᠦ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠬᠠᠮᠢᠶᠠᠷᠬᠤ᠂ ᠠᠷᠠᠳᠴᠢᠯᠠᠯ ᠎ᠢᠶᠠᠷ ᠬᠢᠨᠠᠯᠲᠠ ᠲᠠᠯᠪᠢᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠠᠬᠢ ᠬᠥᠲᠥᠯᠥᠨ ᠳᠠᠭᠠᠭᠤᠯᠵᠤ ᠪᠣᠭᠣᠮᠲᠠ ᠰᠠᠬᠢᠬᠤ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃《ᠬᠣᠶᠠᠷ ᠬᠠᠤᠯᠢ》 ᠢ᠋ᠢᠨ ᠬᠡᠯᠪᠡᠷᠢᠴᠢ ᠦᠵᠡᠯ ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠬᠠᠢ ᠲᠣᠭᠲᠠᠭᠠᠯ᠎ᠤᠨ ᠱᠠᠭᠠᠷᠳᠠᠯᠭ᠎ᠠ᠎ᠶᠢ ᠬᠢᠨᠠᠮᠠᠭᠠᠢ ᠲᠤᠭᠤᠰᠢᠯᠠᠭᠤᠯᠵᠤ᠂ ᠪᠠᠢᠩᠭᠤᠵᠢᠭᠰᠠᠨ ᠣᠷᠳᠣ᠌ ᠬᠤᠭᠤᠴᠠᠭᠠᠨ ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ᠎ᠶᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠠᠵᠢᠯ ᠎ᠤᠨ ᠵᠦᠢᠯᠡᠰ ᠎ᠢ ᠵᠥᠪᠰᠢᠶᠡᠷᠡᠨ ᠣᠷᠣᠭᠤᠯᠬᠤ ᠳᠦᠷᠢᠮ᠎ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠰᠬᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠵᠦᠢᠯᠡᠰ᠎ᠢ ᠪᠥᠬᠥ ᠲᠠᠯ᠎ᠠ᠎ᠪᠠᠷ ᠰᠢᠯᠢᠳᠡᠭᠵᠢᠭᠦᠯᠦᠨ᠂ ᠬᠠᠤᠯᠢ ᠶᠣᠰᠣᠭᠠᠷ ᠵᠥᠪᠰᠢᠶᠡᠷᠡᠨ ᠣᠷᠣᠭᠤᠯᠬᠤ᠂ ᠵᠢᠷᠤᠮᠵᠢᠭᠤᠯᠤᠨ ᠲᠣᠬᠢᠷᠠᠭᠤᠯᠬᠤ᠂ ᠡᠷᠬᠡ ᠵᠢ ᠬᠠᠷᠢᠭᠤᠴᠠᠯᠭ᠎ᠠ᠎ᠶᠢ ᠳᠠᠭᠠᠵᠤ ᠶᠠᠪᠤᠭᠤᠯᠬᠤ᠂ ᠵᠠᠷᠤᠳᠠᠯ ᠎ᠢ ᠤᠴᠢᠷ ᠶᠠᠪᠤᠳᠠᠯ᠎ᠢ ᠳᠠᠭᠠᠵᠤ ᠬᠤᠪᠢᠷᠠᠭᠤᠯᠬᠤ᠎ᠶᠢ ᠪᠡᠶᠡᠯᠡᠭᠦᠯᠬᠦ ᠬᠡᠷᠡᠭᠲᠡᠢ᠃ 《ᠬᠣᠶᠠᠷ ᠬᠠᠤᠯᠢ》 ᠵᠢᠨ ᠲᠣᠰᠬᠣᠨ᠎ᠤ ᠠᠷᠠᠳ ᠎ᠤᠨ ᠵᠥᠪᠯᠡᠯ᠎ᠳᠦ ᠠᠵᠢᠯ᠎ᠤᠨ ᠪᠠᠲᠤᠯᠠᠭ᠎ᠠ ᠬᠠᠩᠭᠠᠬᠤ ᠲᠤᠬᠠᠢ ᠲᠣᠭᠲᠠᠭᠠᠯ᠎ᠤᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠱᠠᠲᠤᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠬᠤ ᠎ᠶᠢ ᠠᠬᠢᠭᠤᠯᠵᠤ᠂ ᠳᠡᠭᠡᠷ᠎ᠡ ᠳᠣᠣᠷ᠎ᠠ ᠱᠠᠲᠤ ᠪᠠᠷ᠎ᠢᠶᠠᠨ ᠬᠣᠯᠪᠤᠭᠠᠯᠠᠨ ᠬᠥᠳᠡᠯᠦᠯᠴᠡᠬᠦ᠂ ᠬᠠᠮᠵᠢᠯᠴᠠᠨ ᠠᠬᠢᠭᠤᠯᠵᠤ ᠬᠠᠤᠯᠢ ᠴᠠᠭᠠᠵᠠ ᠎ᠶᠢᠨ ᠪᠦᠲᠦᠮᠵᠢᠲᠡᠢ ᠬᠡᠷᠡᠭᠵᠢᠭᠦᠯᠦᠭᠳᠡᠬᠦ᠎ᠶᠢ ᠠᠬᠢᠭᠤᠯᠬᠤ ᠰᠠᠢᠨ ᠰᠠᠢᠬᠠᠨ ᠪᠠᠢᠳᠠᠯ᠎ᠢ ᠪᠤᠢ ᠪᠣᠯᠭᠠᠵᠤ᠂ ᠨᠠᠮ᠎ᠤᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠳᠠᠪᠠᠭᠤᠯᠢᠭ᠋᠎ᠢ ᠦᠨᠡᠨ᠎ᠬᠦ 《ᠬᠣᠶᠠᠷ ᠬᠠᠤᠯᠢ》 ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠬᠡᠵᠦ ᠱᠠᠭᠠᠷᠲᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号