ᠣᠢᠷ᠎ᠠ᠎ᠳᠤ᠂ ᠬᠥᠬᠡᠬᠣᠲᠠ᠎ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠣᠲᠣᠩ ᠠᠷᠠᠳ ᠤᠨ ᠲᠣᠭᠣᠷᠢᠭ᠎ᠤᠨ ᠬᠤᠪᠢᠶᠠᠷᠢ ᠲᠣᠪᠴᠢᠶ᠎ᠠ ᠬᠠᠤᠯᠢ ᠪᠤᠰᠤ᠎ᠪᠠᠷ ᠬᠤᠸᠠᠷ ᠫᠤᠤᠵᠢᠩ ᠬᠠᠳᠠᠭᠠᠯᠠᠵᠤ᠂ ᠲᠡᠭᠡᠭᠡᠪᠦᠷᠢᠯᠡᠭ᠌ᠰᠡᠨ ᠬᠡᠷᠡᠭ ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠵᠦ᠍ ᠂ ᠬᠤᠸᠠᠷ ᠫᠤᠤᠵᠢᠩ᠎ᠢ 21 ᠬᠠᠢᠷᠴᠠᠭ ᠪᠠᠢᠴᠠᠭᠠᠨ ᠬᠤᠷᠢᠶᠠᠮᠵᠢᠯᠠᠪᠠ᠃
ᠬᠣᠲᠣᠩ ᠠᠷᠠᠳ ᠤᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠬᠤᠸᠠᠨ ᠾᠧ ᠵᠡᠭᠡᠯᠢ ᠳ᠋ᠡᠬᠢ ᠲᠣᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ ᠨᠠᠷ ᠬᠠᠷᠢᠶ᠎ᠠ ᠲᠣᠭᠣᠷᠢᠭ᠎ᠤᠨ᠎ᠢᠶᠠᠨ ᠨᠢᠭᠡᠨ ᠲᠡᠮᠦᠷᠯᠢᠭ᠎ᠦᠨ ᠳᠡᠯᠭᠡᠭᠦᠷ᠎ᠲᠦ ᠠᠮᠤᠷ ᠲᠦᠪᠱᠢᠨ᠎ᠦ ᠪᠠᠢᠴᠠᠭᠠᠯᠲᠠ ᠬᠢᠬᠦ᠌᠎ᠳᠡᠭᠡᠨ᠂ ᠡᠵᠡᠩᠨᠡᠭ᠌ᠴᠢ ᠷᠧᠨ ᠣᠪᠣᠭ᠍ᠲᠤ ᠨᠢᠭᠡ ᠪᠦᠯᠦᠭ ᠬᠤᠸᠠᠷ ᠫᠤᠤᠵᠢᠩ᠎ᠢ ᠲᠣᠭ᠍ᠲᠠᠭᠠᠯᠡᠴᠨ ᠵᠥᠷᠢᠴᠡᠨ ᠪᠠᠷᠠᠭᠠᠨ᠎ᠤ ᠮᠠᠰᠢᠨ ᠲᠡᠷᠭᠡᠨ᠎ᠳᠦ ᠬᠠᠳᠠᠭᠠᠯᠠᠵᠤ᠂ ᠵᠠᠪᠱᠢᠶᠠᠨ᠎ᠢ ᠳᠠᠯᠢᠮᠳᠠᠭᠤᠯᠤᠨ ᠪᠣᠷᠣᠯᠠᠭᠤᠯᠬᠤ᠎ᠪᠠᠷ ᠪᠡᠯᠡᠳᠭᠡᠵᠦ᠍ ᠪᠠᠢᠬᠤ᠎ᠶ᠋ᠢ ᠣᠯᠵᠤ ᠮᠡᠳᠡᠵᠡᠶ᠃ ᠲᠤᠬᠠᠶ᠎ᠶ᠋ᠢᠨ ᠲᠠᠯᠠᠪᠠᠶ᠎ᠶ᠋ᠢᠨ ᠬᠢᠨᠠᠨ ᠪᠠᠢᠴᠠᠭᠠᠯᠲᠠ᠎ᠪᠠᠷ ᠳᠡᠮᠵᠢᠨ᠂ ᠷᠧᠨ ᠣᠪᠣᠭ᠍ᠲᠤ ᠬᠤᠸᠠᠷ ᠫᠤᠤᠵᠢᠩ ᠡᠵᠡᠩᠨᠡᠬᠦ᠌᠂ ᠲᠡᠭᠡᠭᠡᠪᠦᠷᠢᠯᠡᠬᠦ᠌᠂ ᠬᠠᠳᠠᠭᠠᠯᠠᠬᠤ ᠬᠠᠮᠢᠶ᠎ᠠ ᠪᠥᠬᠥᠶ ᠵᠥᠪᠱᠢᠶᠡᠷᠡᠯ᠎ᠦᠨ ᠬᠢᠷᠢ ᠬᠡᠮ᠎ᠢ ᠣᠯᠤᠭ᠍ᠰᠠᠨ ᠥᠬᠡᠶ᠂ ᠬᠤᠸᠠᠷ ᠫᠤᠤᠵᠢᠩ ᠬᠠᠳᠠᠭᠠᠯᠠᠵᠤ ᠪᠠᠢᠭ᠎ᠠ ᠪᠠᠷᠠᠭᠠᠨ᠎ᠤ ᠮᠠᠰᠢᠨ ᠲᠡᠷᠭᠡᠨ᠎ᠳᠦ ᠶᠠᠮᠠᠷ ᠴᠤ᠌ ᠠᠮᠤᠷ ᠲᠦᠪᠱᠢᠨ᠎ᠦ ᠰᠡᠷᠭᠡᠢᠯᠡᠨ ᠬᠠᠮᠠᠭᠠᠯᠠᠬᠤ ᠲᠥᠬᠥᠭᠡᠷᠦᠮᠵᠢ ᠳᠣᠭᠢᠷᠠᠭᠤᠯᠤᠭ᠍ᠰᠠᠨ ᠥᠬᠡᠶ ᠂ ᠡᠨᠡ᠎ᠨᠢ ᠠᠶᠤᠯ ᠲᠠᠶ ᠪᠣᠳᠠᠰ᠎ᠢ ᠬᠠᠤᠯᠢ ᠪᠤᠰᠤ᠎ᠪᠠᠷ ᠬᠠᠳᠠᠭᠠᠯᠠᠵᠤ᠂ ᠲᠡᠭᠡᠭᠡᠪᠦᠷᠢᠯᠡᠭ᠌ᠰᠡᠨ ᠨᠡᠢᠲᠡᠯᠢᠭ ᠠᠵᠢᠯᠯᠠᠭ᠎ᠠ᠎ᠳᠤ ᠲᠣᠭᠠᠴᠠᠭ᠍ᠳᠠᠨᠠ᠃
ᠣᠳᠣᠬᠠᠨ᠎ᠳᠤ᠂ ᠬᠠᠤᠯᠢ ᠡᠴᠨ ᠵᠥᠷᠢᠴᠡᠭ᠌ᠰᠡᠨ ᠠᠵᠢᠯᠯᠠᠭᠠᠳᠠᠨ ᠷᠧᠨ ᠣᠪᠣᠭ᠍ᠲᠤ᠎ᠶ᠋ᠢ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠠᠤᠯᠢ ᠶᠣᠰᠣᠭᠠᠷ ᠰᠢᠢᠳᠬᠡᠵᠦ᠂ ᠪᠠᠢᠴᠠᠭᠠᠵᠤ ᠣᠯᠤᠭ᠍ᠰᠠᠨ 21 ᠬᠠᠢᠷᠴᠠᠭ ᠬᠤᠸᠠᠷ ᠫᠤᠤᠵᠢᠩ᠎ᠢ ᠬᠤᠷᠢᠶᠠᠮᠵᠢᠯᠠᠨ ᠠᠪᠤᠪᠠ᠃
ᠴᠢᠩ ᠱᠦᠶ ᠾᠧ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠴᠠᠭ᠍ᠳᠠᠭ᠎ᠠ ᠨᠠᠷ ᠵᠤᠷᠱᠢᠯ ᠶᠣᠰᠣᠭᠠᠷ ᠲᠣᠭᠣᠷᠢᠨ ᠴᠠᠭ᠍ᠳᠠᠵᠤ ᠪᠠᠢᠬᠤ ᠳᠠᠭᠠᠨ᠂ ᠬᠤᠸᠠᠷ ᠫᠤᠤᠵᠢᠩ ᠢ ᠬᠠᠤᠯᠢ ᠪᠤᠰᠤ᠎ᠪᠠᠷ ᠲᠡᠭᠡᠭᠡᠪᠦᠷᠢᠯᠡᠭᠰᠡᠨ ᠬᠡᠷᠡᠭ᠎ᠢ ᠪᠠᠢᠴᠠᠭᠠᠨ ᠭᠠᠷᠭᠠᠵᠤ᠂ ᠬᠡᠷᠡᠭ᠎ᠲᠦ ᠬᠣᠯᠪᠣᠭ᠍ᠳᠠᠭ᠍ᠰᠠᠨ ᠮᠠᠰᠢᠨ ᠲᠡᠷᠭᠡ ᠵᠢᠴᠢ ᠬᠡᠳᠦᠨ ᠠᠷᠪᠠᠨ ᠬᠠᠢᠷᠴᠠᠭ ᠬᠤᠸᠠᠷ ᠫᠤᠤᠵᠢᠩ᠎ᠢ ᠪᠠᠢᠴᠠᠭᠠᠨ ᠬᠤᠷᠢᠶᠠᠮᠵᠢᠯᠠᠵᠦ ᠂ ᠵᠠᠮ ᠬᠢᠬᠡᠳ ᠣᠯᠠᠨ ᠨᠡᠢᠲᠡ᠎ᠶ᠋ᠢᠨ ᠠᠮᠤᠷ ᠲᠦᠪᠱᠢᠨ᠎ᠢ ᠰᠦᠷᠳᠡᠭᠦᠯᠵᠦ᠍ ᠪᠠᠢᠭ᠎ᠠ ᠬᠦᠨᠳᠦ ᠶᠡᠬᠡ ᠳᠠᠯᠳᠠ ᠬᠡᠮ᠎ᠢ ᠴᠠᠭ ᠲᠤᠬᠠᠶ᠎ᠳᠤᠨᠢ ᠠᠷᠢᠯᠭᠠᠵᠠᠶ᠃
ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠬᠣᠶᠠᠳᠤᠭᠠᠷ ᠳᠤᠮᠳᠠ ᠠᠩᠭᠢ᠎ᠶ᠋ᠢᠨ ᠴᠠᠭ᠍ᠳᠠᠭ᠎ᠠ ᠨᠠᠷ ᠨᠢᠭᠡᠨ ᠴᠠᠭᠠᠨ ᠥᠩᠭᠡ᠎ᠶ᠋ᠢᠨ ᠫᠢᠺᠠ ᠮᠠᠰᠢᠨ ᠲᠡᠷᠭᠡᠨ᠎ᠦ ᠪᠠᠢᠳᠠᠯ ᠨᠢ ᠰᠡᠵᠢᠭ᠌ᠯᠡᠯᠲᠡᠶ ᠪᠠᠢᠬᠤ᠎ᠶ᠋ᠢ ᠣᠯᠵᠤ ᠮᠡᠳᠡᠭᠡᠳ᠂ ᠲᠤᠰ ᠮᠠᠰᠢᠨ ᠲᠡᠷᠬᠡ ᠵᠢ ᠵᠤᠬᠰᠤᠭᠠᠨ ᠪᠠᠢᠴᠠᠭᠠᠪᠠ᠃ ᠲᠤᠬᠠᠶ᠎ᠶ᠋ᠢᠨ ᠲᠠᠯᠠᠪᠠᠶ᠎ᠶ᠋ᠢᠨ ᠬᠢᠨᠠᠨ ᠪᠠᠢᠴᠠᠭᠠᠯᠲᠠ᠎ᠪᠠᠷ ᠳᠡᠮᠵᠢᠨ᠂ ᠴᠠᠭ᠍ᠳᠠᠭ᠎ᠠ ᠨᠠᠷ ᠮᠠᠰᠢᠨ ᠲᠡᠷᠭᠡᠨ ᠳᠣᠲᠣᠷᠠᠡᠴᠨ ᠡᠯ᠎ᠡ ᠲᠥᠷᠥᠯ᠎ᠦᠨ ᠬᠤᠸᠠᠷ ᠫᠤᠤᠵᠢᠩ᠎ᠢ ᠬᠡᠳᠦᠨ ᠠᠷᠪᠠᠨ ᠬᠠᠢᠷᠴᠠᠭ ᠪᠠᠢᠴᠠᠭᠠᠨ ᠭᠠᠷᠭᠠᠪᠠ᠃ ᠵᠢᠯᠣᠭᠣᠴᠢ ᠸᠠᠩ ᠣᠪᠣᠭ᠍ᠲᠤ ᠬᠤᠸᠠᠷ ᠫᠤᠤᠵᠢᠩ᠎ᠢ ᠬᠠᠤᠯᠢ ᠪᠤᠰᠤ᠎ᠪᠠᠷ ᠲᠡᠭᠡᠭᠡᠪᠦᠷᠢᠯᠡᠭᠰᠡᠨ ᠬᠠᠤᠯᠢ᠎ᠡᠴᠨ ᠵᠥᠷᠢᠴᠡᠭ᠌ᠰᠡᠨ ᠪᠣᠳᠠᠲᠤ ᠬᠡᠷᠡᠭ ᠵᠢᠡᠨ ᠥᠴᠢᠭ᠌ᠯᠡᠨ ᠮᠡᠳᠡᠷᠡᠪᠡ᠃
ᠣᠳᠣᠬᠠᠨ᠎ᠳᠤ᠂ ᠬᠡᠷᠡᠭ᠎ᠲᠦ ᠬᠣᠯᠪᠣᠭ᠍ᠳᠠᠭ᠍ᠰᠠᠨ ᠮᠠᠰᠢᠨ ᠲᠡᠷᠭᠡ ᠵᠢᠴᠢ ᠬᠤᠸᠠᠷ ᠫᠤᠤᠵᠢᠩ᠎ᠢ ᠨᠢᠭᠡᠨᠲᠡ ᠬᠠᠤᠯᠢ ᠶᠣᠰᠣᠭᠠᠷ ᠲᠦᠷ ᠬᠤᠷᠢᠶᠠᠮᠵᠢᠯᠠᠵᠦ᠂ ᠬᠡᠷᠡᠭ᠎ᠲᠦ ᠬᠣᠯᠪᠣᠭ᠍ᠳᠠᠭ᠍ᠰᠠᠨ ᠬᠥᠮᠦᠰ᠎ᠲᠦ᠍ ᠠᠮᠤᠷ ᠢ ᠬᠠᠮᠠᠭᠠᠯᠠᠬᠤ ᠬᠠᠮᠢᠶᠠᠷᠤᠯᠲᠠ ᠶ᠋ᠢᠨ ᠶᠡᠬᠡ ᠠᠩᠭᠢᠡᠴᠨ ᠬᠠᠤᠯᠢ ᠶᠣᠰᠣᠭᠠᠷ ᠵᠠᠰᠠᠭ ᠵᠠᠬᠢᠷᠭᠠᠨ ᠤ ᠱᠢᠢᠳᠭᠡᠯ ᠥᠭ᠌ᠪᠡ᠃