2025 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ 《ᠡᠮᠡᠭ᠌ᠲᠡᠢᠴᠦᠳ ᠬᠡᠦᠬᠡᠳ᠎ᠲᠦ ᠪᠣᠳᠠᠲᠤ ᠶᠠᠪᠤᠳᠠᠯ ᠬᠢᠵᠦ ᠦᠭᠭᠦ·ᠠᠷᠪᠠ ᠵᠢ ᠬᠦᠷᠭᠡᠬᠦ》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠯᠢ ᠤᠯᠠᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭᠵᠢᠭᠦᠯᠦᠨ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ ᠬᠡᠦᠬᠡᠳ᠎ᠦᠨ ᠠᠵᠢᠯ ᠦᠶ᠋ᠯᠡᠰ᠎ᠤᠨ ᠰᠢᠯᠢᠳᠡᠭ ᠬᠠᠷᠢᠭᠤᠯᠳᠠ ᠵᠢᠨ ᠬᠠᠭᠤᠳᠠᠰᠤ᠎ᠵᠢ ᠲᠤᠱᠢᠶᠠᠵᠠᠶ᠃
ᠥᠪᠡᠷᠲᠡᠭᠡᠨ ᠵᠠᠰᠠᠬᠤ ᠣᠷᠣᠨ ᠵᠢᠴᠢ ᠪᠥᠬᠥ᠌ ᠤᠯᠤᠰ᠎ᠤᠨ ᠬᠠᠮᠢᠶ᠎ᠠ ᠪᠥᠬᠥᠶ ᠬᠤᠷᠠᠯ ᠳᠡᠭᠡᠷ᠎ᠡ 34 ᠤᠳᠠᠭ᠎ᠠ ᠨᠡᠢᠲᠡᠯᠢᠭ ᠵᠢᠱ᠌ᠢᠶ᠎ᠡ ᠵᠢᠨ ᠶᠠᠷᠢᠶ᠎ᠠ ᠲᠠᠯᠪᠢᠵᠤ᠂ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠢᠷᠠᠭᠤ ᠠᠯᠳᠠᠷ᠎ᠢ 36 ᠭᠥᠷᠳᠡᠪᠡ᠃ ᠨᠡᠢᠲᠡ᠎ᠶ᠋ᠢᠨ ᠠᠰᠠᠷᠠᠮᠵᠢ᠎ᠶ᠋ᠢᠨ ᠵᠣᠭᠣᠰ ᠮᠥᠩᠭᠥ᠌ ᠵᠢ 4972 ᠲᠦᠮᠡᠨ ᠲᠥᠭᠥᠷᠢᠭ ᠴᠤᠭ᠍ᠯᠠᠭᠤᠯᠵᠤ᠂ 35 ᠬᠠᠯᠠᠮᠵᠢᠯᠠᠨ ᠬᠠᠢᠷᠠᠯᠠᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠲᠦᠭ ᠲᠦᠮᠡᠨ ᠡᠮᠡᠭ᠌ᠲᠡᠢᠴᠦᠳ ᠬᠡᠦᠬᠡᠳ ᠲᠸ᠋ ᠠᠰᠢᠭ ᠬᠦᠷᠳᠡᠭᠡᠪᠡ᠃ 《ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠰᠦᠭ ᠰᠦᠨᠡᠰᠦ᠎ᠶ᠋ᠢ ᠱᠤᠭᠤᠬᠤ ᠢᠨᠵᠧᠨᠧᠷᠢᠩ》 ᠵᠢᠡᠷ ᠭᠠᠷᠳᠠᠴᠠ ᠪᠣᠯᠭᠠᠵᠤ᠂ ᠡᠮᠡᠭ᠌ᠲᠡᠢᠴᠦᠳ᠎ᠦᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ ᠨᠠᠮ᠎ᠤᠨ ᠲᠠᠭᠤᠨ᠎ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠳᠠᠭᠤᠷᠢᠰᠤᠭᠤᠯᠪᠠ᠃ 《ᠠᠷᠪᠠ ᠵᠠᠭᠤ ᠮᠢᠩᠭ᠎ᠠ ᠲᠦᠮᠡ ᠵᠢᠨ ᠡᠮᠡᠭ᠌ᠲᠡᠢᠴᠦᠳ᠎ᠦᠨ ᠶᠡᠬᠡ ᠤᠬᠠᠭᠤᠯᠤᠨ ᠲᠠᠢᠯᠪᠤᠷᠢᠯᠠᠯᠲᠠ》 ᠵᠡᠷᠭᠡ ᠠᠵᠢᠯᠯᠠᠭ᠎ᠠ᠎ᠶ᠋ᠢ 1.5 ᠲᠦᠮᠡ ᠭᠠᠷᠤᠢ ᠲᠠᠯᠠᠪᠤᠷ ᠥᠷᠨᠢᠭᠦᠯᠵᠦ᠍᠂ ᠤᠯᠠᠨ ᠲᠦᠮᠡᠨ᠎ᠢ ᠮᠢᠩᠭ᠎ᠠ ᠭᠠᠷᠤᠢ ᠲᠦᠮᠡᠨ ᠬᠥᠮᠦᠨ ᠤᠳᠠᠭ᠎ᠠ ᠬᠠᠮᠤᠷᠴᠤ᠌᠂ ᠨᠠᠮ᠎ᠤᠨ ᠱᠢᠨ᠎ᠡ ᠡᠭᠦᠳᠦᠭᠰᠡᠨ ᠤᠨᠤᠯ᠎ᠢ ᠡᠭᠡᠯ ᠠᠷᠠᠳ᠎ᠤᠨ ᠭᠡᠷ᠎ᠲᠦ ᠣᠷᠣᠭᠤᠯᠪᠠ᠃
ᠦᠢᠯᠡᠰ ᠪᠤᠰᠭᠠᠵᠦ᠍ ᠠᠵᠢᠯ ᠣᠯᠭᠣᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠮᠡᠭ᠌ᠲᠡᠢᠴᠦᠳ᠎ᠦᠨ ᠬᠥᠭ᠌ᠵᠢᠯᠲᠡ᠎ᠳᠦ ᠲᠠᠪᠴᠠᠩ ᠬᠠᠩᠭᠠᠵᠤ᠂ ᠬᠥᠳᠡᠯᠭᠡᠬᠦ᠌ ᠡᠨᠧᠷᠭᠢ ᠣᠯᠭᠣᠪᠠ᠃ ᠲᠠᠷᠢᠶᠠᠯᠠᠩ᠎ᠤᠨ ᠪᠠᠩᠬᠢ᠎ᠶ᠋ᠢᠨ ᠥᠪᠥᠷ ᠮᠣᠩᠭᠣᠯ ᠳ᠋ᠡᠬᠢ ᠬᠤᠪᠢᠶᠠᠷᠢ ᠪᠠᠩᠬᠢ᠎ᠲᠠᠶ ᠬᠠᠮᠲᠤᠷᠠᠨ ᠡᠮᠡᠭ᠌ᠲᠡᠢᠴᠦᠳ᠎ᠦᠨ ᠦᠶ᠋ᠯᠡᠰ ᠪᠤᠰᠬᠠᠵᠤ ᠠᠵᠢᠯ ᠣᠯᠭᠣᠬᠤ ᠲᠤᠰᠭᠠᠶ ᠵᠢᠭᠡᠯᠡᠯᠭᠡ᠎ᠶ᠋ᠢ 238.86 ᠳ᠋ᠦᠩᠱᠢᠭᠤᠷ ᠲᠥᠭᠥᠷᠢᠭ ᠲᠠᠯᠪᠢᠵᠤ᠂ 13 ᠲᠦᠮᠡᠨ ᠡᠷᠦᠬᠡ ᠡᠮᠡᠭ᠌ᠲᠡᠢᠴᠦᠳ᠎ᠦᠨ ᠬᠡᠷ ᠪᠦᠯᠢ᠎ᠳᠦ ᠠᠱᠢᠭ ᠬᠦᠷᠲᠡᠭᠡᠪᠡ; ᠠᠵᠢᠯᠲᠠᠨ ᠡᠯᠰᠡᠬᠦ᠌ ᠬᠤᠷᠠᠯ᠎ᠢ 319 ᠤᠳᠠᠭ᠎ᠠ ᠥᠷᠨᠢᠭᠦᠯᠵᠦ᠍᠂ 17.6 ᠲᠦᠮᠡᠨ ᠠᠵᠢᠯ᠎ᠤᠨ ᠪᠠᠢᠷᠢ ᠬᠠᠩᠭᠠᠵᠤ᠂ 1.6 ᠲᠦᠮᠡᠨ ᠡᠮᠡᠭ᠌ᠲᠡᠢᠴᠦᠳ᠎ᠲᠦ ᠠᠵᠢᠯ ᠣᠯᠭᠣᠬᠤ ᠰᠠᠨᠠᠮᠵᠢ ᠲᠣᠭ᠍ᠲᠠᠪᠠ; 《ᠡᠮᠡᠭ᠌ᠲᠡᠶ ᠱᠢᠨᠵᠢᠯᠡᠬᠦ᠌ ᠤᠬᠠᠭᠠᠨᠲᠠᠨ᠎ᠤ ᠤᠮᠠᠷᠠᠲᠤ ᠬᠢᠯᠢ ᠵᠢᠨ ᠠᠶᠠᠯᠠᠯ》 ᠭᠡᠬᠦ ᠠᠵᠢᠯᠯᠠᠭ᠎ᠠ ᠥᠷᠨᠢᠭᠦᠯᠵᠦ᠍᠂ 130 ᠭᠠᠷᠤᠶ ᠡᠮᠡᠭ᠌ᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠬᠤᠷᠠᠯ᠎ᠳᠤ ᠣᠷᠣᠯᠴᠠᠭ᠍ᠰᠠᠨ ᠪᠥᠭᠡᠳ 3 ᠵᠦᠶ᠋ᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠲᠥᠷᠥᠯ ᠵᠦᠶ᠋ᠯ᠎ᠳᠦ ᠭᠠᠷᠤᠨ ᠥᠰᠥᠭ ᠵᠢᠷᠤᠵᠤ᠂ 11 ᠠᠢᠮᠠᠭ ᠬᠣᠲᠠ᠎ᠶ᠋ᠢᠨ ᠡᠮᠡᠭ᠌ᠲᠡᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ᠎ᠤ ᠨᠡᠢᠭᠡᠮᠯᠢᠭ᠎ᠢ ᠵᠤᠬᠢᠶᠠᠨ ᠪᠠᠢᠭᠤᠯᠬᠤ᠎ᠶ᠋ᠢ ᠠᠬᠢᠭᠤᠯᠵᠤ᠂ ᠪᠥᠬᠥ᠌ ᠤᠯᠤᠰ᠎ᠤᠨ ᠠᠩᠬᠠᠳᠠᠭ᠍ᠴᠢ ᠪᠦᠯᠦᠭ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ ᠲᠣᠭᠠᠴᠢᠯᠠᠭ᠍ᠰᠠᠨ ᠡᠨᠧᠷᠭᠢ᠎ᠶ᠋ᠢᠨ ᠵᠢᠱ᠌ᠢᠶ᠎ᠡ ᠦᠵᠡᠭᠦᠯᠬᠦ᠌ ᠮᠤᠵᠢ ᠪᠡᠷ ᠰᠣᠩᠭᠣᠭ᠍ᠳᠠᠪᠠ; ᠬᠥᠳᠡᠭᠡ ᠲᠣᠰᠭᠣᠨ᠎ᠤ ᠪᠠᠶᠠᠵᠢᠯ᠎ᠤᠨ ᠡᠮᠡᠭ᠌ᠲᠡᠢ ᠲᠠᠭᠠᠭᠤᠯᠤᠬ᠍ᠴᠢ 765 ᠬᠥᠮᠦᠨ᠎ᠢ ᠪᠣᠯᠪᠠᠰᠤᠷᠠᠭᠤᠯᠵᠤ᠂ 5871 ᠦᠵᠡᠰᠭᠦᠯᠡᠩᠲᠦ ᠰᠠᠢᠬᠠᠨ ᠬᠦᠷᠢᠢ᠎ᠡ ᠬᠠᠱᠢᠶ᠎ᠠ᠎ᠶ᠋ᠢ ᠪᠠᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠪᠡᠯᠡ ᠮᠥᠩᠭᠥ᠎ᠶ᠋ᠢ ᠲᠡᠮᠡᠴᠡᠨ ᠤᠯᠵᠤ᠂ 8167 ᠬᠥᠮᠦᠨ ᠤᠳᠠᠭ᠎ᠠ ᠳ᠋ᠦ ᠪᠤᠯᠪᠠᠰᠤᠷᠠᠯ ᠬᠦᠷᠳᠡᠭᠡᠪᠡ; 《ᠬᠣᠶᠠᠷ ᠥᠮᠡᠨ》 ᠡᠪᠡᠳᠴᠢᠨ᠎ᠳᠦ ᠨᠡᠷᠪᠡᠭ᠌ᠳᠡᠭ᠌ᠰᠡᠨ ᠣᠷᠣᠯᠭ᠎ᠠ ᠪᠠᠭ᠎ᠠ 2396 ᠡᠮᠡᠭ᠌ᠲᠡᠢᠴᠦᠳ᠎ᠲᠦ ᠠᠪᠤᠷᠠᠨ ᠲᠤᠰᠠᠯᠠᠬᠤ ᠮᠥᠩᠭᠥ᠌ ᠣᠯᠭᠣᠵᠤ᠂ 《ᠪᠠᠯᠠ ᠮᠥᠩᠭᠥ᠌ + ᠳᠠᠭᠠᠳᠭᠠᠯ + ᠨᠡᠢᠲᠡ᠎ᠶ᠋ᠢᠨ ᠠᠰᠠᠷᠠᠮᠵᠢ + ᠤᠬᠠᠭᠤᠯᠭ᠎ᠠ》 ᠶ᠋ᠢᠨ ᠬᠠᠪᠰᠤᠷᠤᠨ ᠲᠡᠳᠬᠦᠬᠦ᠌ ᠱᠢᠰᠲ᠋ᠧᠮ᠎ᠢ ᠪᠠᠢᠭᠤᠯᠵᠤ᠂ 19 《ᠡᠬᠡᠴᠤᠤᠯ᠎ᠦᠨ ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》 ᠶ᠋ᠢ ᠬᠢᠯᠢ ᠬᠢᠵᠠᠭᠠᠷ ᠣᠷᠣᠨ᠎ᠤ ᠡᠮᠡᠭ᠌ᠲᠡᠢᠴᠦᠳ ᠬᠡᠦᠬᠡᠳ᠎ᠲᠦ ᠦᠶ᠋ᠯᠡᠴᠢᠯᠡᠭᠦᠯᠪᠡ; ᠳᠤᠮᠳᠠᠳᠤ ᠮᠣᠩᠭᠣᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠡᠮᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠤᠨ ᠮᠣᠩᠭᠣᠯ ᠤᠯᠤᠰ᠎ᠲᠤ ᠬᠦᠷᠴᠦ᠍ 700 ᠭᠠᠷᠤᠶ ᠡᠮᠡᠭ᠌ᠲᠡᠢᠴᠦᠳ ᠬᠡᠦᠬᠡᠳ ᠲᠸ᠋ ᠠᠯᠪᠠᠨ ᠵᠢᠷᠤᠮ᠎ᠤᠨ ᠡᠮᠴᠢᠯᠡᠭᠡ ᠦᠷᠨᠢᠭᠦᠯᠪᠡ; 4 ᠪᠦᠯᠦᠭ ᠣᠯᠠᠨ ᠤᠯᠤᠰ᠎ᠤᠨ ᠰᠣᠯᠢᠯᠴᠠᠭᠠᠨ᠎ᠤ ᠠᠵᠢᠯᠯᠠᠭ᠎ᠠ᠎ᠶ᠋ᠢ ᠳᠠᠭᠠᠭᠠᠨ ᠡᠷᠭᠢᠯᠡᠵᠦ᠍᠂ ᠱᠢᠶᠠᠩᠭᠠᠩ᠎ᠤᠨ ᠰᠤᠷᠤᠯᠭ᠎ᠠ ᠲᠡᠳᠬᠦᠬᠦ᠌ ᠪᠠᠯᠠ ᠮᠥᠩᠭᠥ᠎ᠶ᠋ᠢ 360 ᠲᠦᠮᠡᠨ ᠲᠥᠭᠥᠷᠢᠭ ᠣᠯᠵᠤ᠂ 300 ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ᠎ᠳᠤ ᠠᠱᠢᠭ ᠬᠦᠷᠲᠡᠭᠡᠪᠡ᠃
ᠪᠣᠯᠪᠠᠰᠤᠨ ᠬᠡᠷ᠎ᠦᠨ ᠰᠤᠷᠲᠠᠯ᠎ᠢᠶᠠᠷ ᠨᠡᠢᠭᠡᠮ᠎ᠦᠨ ᠱᠢᠨ᠎ᠡ ᠰᠤᠷᠲᠠᠯ᠎ᠢ ᠠᠬᠢᠭᠤᠯᠬᠤ ᠵᠢ ᠰᠠᠨᠠᠭᠠᠴᠢᠯᠠᠵᠤ᠂ ᠬᠡᠷ ᠪᠦᠯᠢ᠎ᠶ᠋ᠢᠨ ᠵᠣᠯ ᠵᠢᠷᠭᠠᠯ᠎ᠢ ᠰᠠᠬᠢᠨ ᠬᠠᠮᠠᠭᠠᠯᠠᠵᠤ᠂ ᠤᠮᠠᠷᠠᠲᠤ ᠬᠢᠯᠢ᠎ᠶ᠋ᠢᠨ ᠡᠶ᠎ᠡ ᠵᠣᠬᠢᠴᠠᠩᠭᠤᠶ ᠲᠣᠭ᠍ᠲᠠᠭᠤᠨ᠎ᠤ ᠰᠠᠭᠤᠷᠢ ᠵᠢ ᠪᠡᠬᠢᠵᠢᠬᠦᠯᠪᠡ᠃ ᠨᠥᠬᠥᠷᠯᠡᠬᠦ᠌ ᠢᠨᠠᠬᠯᠠᠬᠤ ᠤᠷᠤᠬᠯᠠᠬᠤ ᠲᠠᠪᠴᠠᠩ ᠢ᠋ ᠪᠠᠢᠭᠤᠯᠵᠤ᠂ ᠨᠥᠬᠥᠷᠯᠡᠯ᠎ᠦᠨ ᠠᠵᠢᠯᠯᠠᠭ᠎ᠠ᠎ᠶ᠋ᠢ 114 ᠲᠠᠯᠠᠪᠤᠷ᠂ ᠨᠡᠢᠲᠡ᠎ᠶ᠋ᠢᠨ ᠠᠰᠠᠷᠠᠮᠵᠢ᠎ᠶ᠋ᠢᠨ ᠬᠠᠮᠲᠤ᠎ᠶ᠋ᠢᠨ ᠬᠤᠷᠢᠮ᠎ᠤᠨ ᠶᠣᠰᠣᠯᠠᠯ᠎ᠢ 27 ᠲᠠᠯᠠᠪᠤᠷ ᠡᠷᠬᠢᠯᠡᠵᠦ᠍᠂ ᠭᠠᠭ᠍ᠴᠠ ᠪᠡᠶ᠎ᠡ ᠵᠠᠯᠠᠭᠤᠴᠤᠳ᠎ᠲᠤ 1.13 ᠲᠦᠮᠡᠨ ᠬᠥᠮᠦᠨ ᠤᠳᠠᠭ᠎ᠠ ᠦᠢᠯᠡᠴᠢᠯᠡᠵᠦ᠍᠂ 700 ᠭᠠᠷᠤᠢ ᠬᠣᠣᠰ ᠵᠠᠯᠠᠭᠤᠴᠤᠳᠭᠠᠷ ᠬᠣᠯᠪᠣᠵᠦ᠂ ᠱᠢᠨ᠎ᠡ ᠬᠡᠯᠪᠡᠷᠢ᠎ᠶ᠋ᠢᠨ ᠣᠷᠣᠭ ᠦᠷᠡᠵᠢᠯ᠎ᠦᠨ ᠦᠵᠡᠯᠲᠡ ᠵᠢ ᠲᠡᠯᠭᠡᠷᠡᠬᠦᠯᠪᠡ; ᠭᠡᠷ᠎ᠤᠨ ᠬᠥᠮᠦᠵᠢᠯ᠎ᠦᠨ ᠵᠢᠯᠣᠭᠣᠳᠤᠯᠭ᠎ᠠ᠎ᠪᠠᠨ ᠴᠢᠩᠭᠠᠳᠭᠠᠵᠤ᠂ 152 ᠲᠠᠯᠠᠪᠤᠷ ᠪᠣᠯᠪᠠᠰᠤᠷᠠᠯ ᠥᠷᠨᠢᠭᠦᠯᠵᠦ᠍᠂ 1.7 ᠲᠦᠮᠡ ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ; ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠵᠤ᠂ 1.7 ᠲᠦᠮᠡᠨ 《ᠡᠨᠡᠷᠢᠩᠭᠦᠢ ᠰᠡᠳᠬᠢᠯᠲᠤ ᠡᠵᠢ 》 ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠵᠦ᠍᠂ 53 ᠬᠡᠦᠬᠡᠳ ᠤ᠋ᠨ ᠲᠤᠯᠠᠭᠠᠨ ᠪᠦᠯᠢ᠎ᠶ᠋ᠢ ᠪᠠᠢᠭᠤᠯᠵᠤ᠂ 5220 ᠬᠡᠷ ᠪᠦᠯᠢ᠎ᠳᠦ ᠬᠡᠷ ᠪᠦᠯᠢ᠎ᠶ᠋ᠢᠨ ᠬᠡᠷᠡᠯ ᠵᠢᠷᠤᠭ ᠲᠠᠲᠠᠵᠤ ᠥᠭ᠌ᠭᠦᠨ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠠᠢᠷ᠎ᠠ ᠬᠠᠯᠠᠮᠵᠢ᠎ᠶ᠋ᠢ ᠳᠠᠮᠵᠢᠭᠤᠯᠪᠠ; 292 ᠡᠷᠦᠬᠡ ᠬᠠᠮᠤᠭ᠎ᠤᠨ ᠭᠣᠶᠣ ᠬᠡᠷ ᠪᠦᠯᠢ᠎ᠶ᠋ᠢ ᠰᠣᠩᠭᠣᠨ ᠪᠣᠢᠵᠢᠭᠤᠯᠵᠤ᠂ ᠡᠭᠦᠨ᠎ᠳᠦ ᠱᠢᠤᠢ ᠨᠠᠢ ᠴᠤᠤ᠂ ᠯᠢ ᠸᠸᠨ ᠨᠠᠶ᠋ᠢᠨ ᠬᠡᠷ ᠪᠦᠯᠢ ᠪᠥᠬᠥ᠌ ᠤᠯᠤᠰ᠎ᠤᠨ ᠬᠠᠮᠤᠭ᠎ᠤᠨ ᠭᠣᠶᠣ ᠬᠡᠷ ᠪᠦᠯᠢ᠎ᠪᠡᠷ ᠦᠨᠡᠯᠡᠭ᠌ᠳᠡᠵᠦ᠍᠂ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠱᠢᠷᠢᠰ ᠠᠵᠢᠯᠯᠠᠭ᠎ᠠ᠎ᠶ᠋ᠢ 3046 ᠲᠠᠯᠠᠪᠤᠷ ᠥᠷᠨᠢᠭᠦᠯᠵᠦ᠍᠂ 70 ᠭᠠᠷᠤᠶ ᠲᠦᠮᠡᠨ ᠬᠥᠮᠦᠨ ᠤᠳᠠᠭ᠎ᠠ ᠣᠷᠣᠯᠴᠠᠪᠠ᠃
ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠬᠠᠮᠠᠭᠠᠯᠠᠬᠤ ᠲᠣᠣᠷ᠎ᠢ ᠪᠡᠬᠢᠵᠢᠭᠦᠯᠵᠦ᠍᠂ ᠬᠠᠤᠯᠢ ᠪᠡᠷ ᠵᠠᠰᠠᠬᠤ ᠬᠦᠴᠦᠨ᠎ᠢᠶᠡᠷ ᠤᠮᠠᠷᠠᠲᠤ ᠬᠢᠯᠢ᠎ᠶ᠋ᠢᠨ ᠡᠮᠡᠭ᠌ᠲᠡᠢᠴᠦᠳ ᠪᠣᠯᠤᠨ ᠪᠠᠭᠠᠴᠤᠳ ᠬᠡᠦᠬᠡᠳ᠎ᠦᠨ ᠠᠮᠤᠷ ᠠᠮᠤᠭᠤᠯᠠᠩ ᠵᠣᠯ ᠵᠢᠷᠭᠠᠯ᠎ᠢ ᠰᠠᠬᠢᠨ ᠬᠠᠮᠠᠭᠠᠯᠠᠪᠠ᠃ 12338 ᠬᠠᠯᠠᠮᠱᠢᠯ ᠤᠲᠠᠰᠤ᠎ᠶ᠋ᠢ 7 × 24 ᠴᠠᠭ᠎ᠢᠶᠠᠷ ᠵᠢᠵᠢᠭᠦᠷᠯᠡᠨ ᠰᠠᠬᠢᠵᠤ᠂ ᠡᠮᠡᠭ᠌ᠲᠡᠢᠴᠦᠳ ᠬᠡᠦᠬᠡᠳ᠎ᠦᠨ ᠵᠠᠬᠢᠳᠠᠯ ᠰᠤᠷᠪᠤᠯᠵᠢᠯᠠᠯ᠎ᠤᠨ ᠵᠦᠶ᠋ᠯᠡᠰ᠎ᠢ 2100 ᠭᠠᠷᠤᠶ ᠬᠤᠪᠢ ᠱᠢᠶ᠋ᠳᠪᠦᠷᠢᠯᠡᠵᠦ᠍᠂ ᠡᠷᠬᠡ ᠠᠱᠢᠭ᠎ᠢᠶᠠᠨ ᠬᠠᠮᠠᠭᠠᠯᠠᠬᠤ ᠦᠶ᠋ᠯᠡᠴᠢᠯᠡᠭᠡᠨ᠎ᠦ ᠲᠥᠪ 12 ᠠᠢᠮᠠᠭ ᠬᠣᠲᠠ᠂ 103 ᠬᠣᠱᠢᠭᠤ ᠱᠢᠶᠠᠨ᠎ᠢ ᠬᠠᠮᠤᠷᠴᠤ᠌᠂ ᠡᠷᠬᠡ ᠠᠱᠢᠭ᠎ᠢᠶᠠᠨ ᠬᠠᠮᠠᠭᠠᠯᠠᠬᠤ ᠦᠶ᠋ᠯᠡᠴᠢᠯᠡᠭᠡ᠎ᠶ᠋ᠢ ᠭᠠᠷ᠎ᠲᠤ ᠪᠠᠷᠢᠭ᠍ᠳᠠᠮ᠎ᠠ ᠪᠣᠯᠭᠠᠪᠠ; ᠬᠠᠤᠯᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ 1200 ᠤᠳᠠᠭ᠎ᠠ ᠥᠷᠨᠢᠭᠦᠯᠵᠦ᠍᠂ ᠬᠢᠲᠠᠳ ᠮᠣᠩᠭᠣᠯ ᠬᠤᠤᠰ ᠬᠡᠯᠡᠨ᠎ᠦ ᠮᠠᠲ᠋ᠧᠷᠢᠶᠠᠯ᠎ᠢ 2.15 ᠲᠦᠮᠡᠨ ᠬᠤᠪᠢ ᠲᠠᠷᠬᠠᠭᠠᠵᠤ᠂ ᠬᠥᠳᠡᠭᠡ ᠲᠣᠰᠭᠣᠨ᠎ᠤ 2.3 ᠲᠦᠮᠡᠨ 《ᠬᠠᠤᠯᠢ ᠴᠠᠭᠠᠵᠠ᠎ᠶ᠋ᠢ ᠲᠣᠳᠣᠷᠬᠠᠶ ᠮᠡᠳᠡᠳᠡᠭ ᠡᠮᠡᠭᠳᠡᠢᠴᠤᠳ》 ᠲᠸ᠋ ᠪᠤᠯᠪᠠᠰᠤᠷᠠᠯ ᠬᠦᠷᠳᠡᠭᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠦᠷᠢᠮ》 ᠢ᠋ ᠨᠡᠢᠲᠡᠯᠡᠨ ᠬᠡᠷᠡᠭ᠌ᠵᠢᠭᠦᠯᠬᠦ᠌᠎ᠶ᠋ᠢ ᠠᠬᠢᠭᠤᠯᠪᠠ; 《ᠤᠮᠠᠷᠠᠲᠤ ᠬᠢᠯᠢ᠎ᠶ᠋ᠢᠨ ᠡᠶᠡᠳᠡᠭᠦᠯᠦᠭᠴᠢ ᠡᠭᠡᠴᠢ》 ᠶ᠋ᠢᠨ ᠡᠩᠨᠡᠭᠡ᠎ᠶ᠋ᠢ ᠪᠠᠢᠭᠤᠯᠵᠤ᠂ ᠣᠷᠣᠭ ᠬᠡᠷ ᠪᠦᠯᠢ᠎ᠶ᠋ᠢᠨ ᠵᠠᠭᠤᠷᠠᠯᠳᠤᠭᠠᠨ᠎ᠢ 1500 ᠭᠠᠷᠤᠶ ᠪᠠᠢᠴᠠᠭᠠᠨ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ ᠨᠢ 99.8%᠎ᠳ᠋ᠤ ᠬᠦᠷᠴᠡᠶ; 234 ᠲᠦᠮᠡᠨ ᠲᠥᠭᠥᠷᠢᠭ ᠪᠠᠯᠠ ᠣᠷᠣᠭᠤᠯᠤᠨ᠂ 105 《ᠪᠠᠭ᠍ᠪᠠᠭᠠᠶ ᠴᠡᠴᠡᠭ》 ᠡᠷᠬᠡ ᠠᠱᠢᠭ᠎ᠢ ᠬᠠᠮᠠᠭᠠᠯᠠᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》 ᠢ᠋ ᠭᠥᠷᠳᠡᠪᠡ᠃
ᠡᠮᠡᠭ᠌ᠲᠡᠢᠴᠦᠳ᠎ᠦᠨ ᠬᠣᠯᠪᠣᠭ᠎ᠠ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ᠎ᠶ᠋ᠢ ᠥᠷᠭᠡᠳᠭᠡᠵᠦ᠍᠂ ᠱᠢᠯᠭᠠᠷᠠᠭ᠍ᠰᠠᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠡᠮᠡᠭ᠌ᠲᠡᠢᠴᠦᠳ᠎ᠦᠨ ᠬᠣᠯᠪᠣᠭ᠎ᠠ ᠵᠢᠨ ᠵᠣᠬᠢᠶᠠᠨ ᠪᠠᠢᠭᠤᠯᠤᠯᠲᠠ᠎ᠶ᠋ᠢ ᠦᠨᠡᠨ ᠬᠦ᠌ ᠡᠮᠡᠭ᠌ᠲᠡᠢᠴᠦᠳ ᠤᠯᠠᠨ ᠲᠦᠮᠡᠨ᠎ᠦ 《ᠲᠥᠷᠬᠥᠮ᠎ᠦᠨ ᠬᠥᠮᠦᠨ》 ᠪᠣᠯᠭᠠᠪᠠ᠃ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ ᠵᠢ ᠬᠠᠮᠤᠷᠤᠬᠰᠠᠨ 1.7 ᠲᠦᠮᠡᠨ ᠡᠮᠡᠭ᠌ᠲᠡᠢᠴᠦᠳ᠎ᠦᠨ ᠬᠣᠯᠪᠣᠭ᠎ᠠ ᠵᠢᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠤᠨ᠂ ᠤᠯᠤᠰ᠎ᠤᠨ ᠳᠡᠰ ᠵᠢᠴᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠬᠦᠷᠢᠶᠡᠯᠡᠩ ᠲᠣᠭᠣᠷᠢᠭ ᠢ᠋ 100% ᠪᠡᠷ ᠪᠦᠷᠬᠦᠭᠦᠯᠬᠦ᠌᠎ᠶ᠋ᠢ ᠪᠡᠶᠡᠯᠡᠭᠦᠯᠪᠡ; ᠦᠨᠳᠦᠰᠦᠨ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ ᠬᠦᠢᠴᠡᠳᠭᠡᠬᠦ ᠵᠦᠪᠯᠡᠯ᠎ᠤᠨ 6000 ᠬᠥᠮᠦᠨᠳ᠋ᠤ ᠪᠤᠯᠪᠠᠰᠤᠷᠠᠯ ᠬᠦᠷᠳᠡᠭᠡᠵᠦ᠂ ᠡᠮᠡᠭ᠌ᠲᠡᠢᠴᠦᠳ᠎ᠦᠨ ᠬᠣᠯᠪᠣᠭ᠎ᠠ ᠵᠢᠨ ᠠᠵᠢᠯ᠎ᠤᠨ ᠰᠠᠭᠤᠷᠢ᠎ᠶ᠋ᠢ ᠪᠠᠲᠤᠳᠭᠠᠪᠠ; ᠣᠨᠣᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠍᠂ 《ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠳᠦᠯᠭᠡ ᠬᠢᠭᠡᠳ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠬᠥᠬᠡ ᠭᠠᠳᠠᠷᠳᠤ ᠪᠢᠴᠢᠭ》 ᠢ᠋ ᠬᠡᠪᠯᠡᠭᠦᠯᠵᠦ᠍᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠳᠤ ᠪᠠᠲᠤ ᠪᠠᠬᠢ ᠣᠨᠣᠯ᠎ᠤᠨ ᠲᠤᠯᠭᠠᠭᠤᠷᠢᠯᠠᠯ ᠬᠠᠩᠭᠠᠪᠠ᠃
ᠲᠣᠭ᠎ᠠ ᠪᠠᠷᠢᠮᠳᠠ ᠪᠤᠯᠭᠠᠨ ᠨᠢ ᠪᠦᠷ ᠤᠭ ᠰᠠᠨᠠᠭᠠᠨ᠎ᠤ ᠭᠡᠷᠡᠴᠢ ᠪᠠᠢᠵᠤ᠂ ᠦᠷ᠎ᠡ ᠪᠦᠲᠦᠭᠡᠯ ᠨᠢᠭᠡᠪᠦᠷᠢ ᠨᠢ ᠴᠥᠮ ᠲᠡᠮᠡᠴᠡᠯ᠎ᠦᠨ ᠭᠠᠪᠢᠶᠠᠨ ᠲᠡᠮᠳᠡᠭ ᠮᠥᠨ᠃ 2025 ᠣᠨ᠎ᠳᠤ᠂ ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠬᠣᠯᠪᠣᠭ᠎ᠠ ᠪᠣᠳᠠᠲᠠᠶ ᠠᠵᠢᠯᠯᠠᠨ ᠲᠦᠭ ᠲᠦᠮᠡᠨ ᠭᠡᠷ ᠪᠦᠯᠢ ᠵᠢᠨ ᠵᠣᠯ ᠵᠢᠷᠭᠠᠯ᠎ᠢ ᠬᠠᠮᠠᠭᠠᠯᠠᠵᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠠ᠃