ᠭᠤᠷᠪᠠᠨ ᠵᠦᠶ᠋ᠯ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢᠨ ᠦᠯᠡᠳᠡᠪᠦᠷᠢ ᠨᠡᠢᠲᠡ 10.2 ᠲᠦᠮᠡᠨ ᠳ᠋ᠦᠩᠱᠢᠭᠤᠷ ᠲᠥᠭᠥᠷᠢᠭ ᠪᠣᠯᠪᠠ
2026-01-29 17:19:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ 1 ᠰᠠᠷ᠎ᠠ᠎ᠶ᠋ᠢᠨ 27 ᠎ᠤ᠋ ᠡᠳᠦᠷ ᠨᠡᠢᠲᠡᠯᠡᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2025 ᠣᠨ᠎ᠤ ᠡᠴᠦᠰ ᠪᠣᠯᠲᠠᠯ᠎ᠠ᠂ ᠪᠥᠬᠥ᠌ ᠤᠯᠤᠰ᠎ᠤᠨ ᠦᠨᠳᠦᠰᠦᠨ ᠨᠠᠰᠤᠵᠢᠯ ᠦ᠋ᠨ ᠳᠠᠭᠠᠳᠭᠠᠯ᠂ ᠠᠵᠢᠯ ᠠᠯᠳᠠᠯᠲᠠ ᠵᠢᠨ ᠳᠠᠭᠠᠳᠭᠠᠯ᠂ ᠠᠵᠢᠯ᠎ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠲᠣᠰ ᠲᠣᠰ 10.76 ᠳ᠋ᠦᠩᠱᠢᠭᠤᠷ ᠬᠥᠮᠦᠨ᠂ 2.49 ᠳ᠋ᠦᠩᠱᠢᠭᠤᠷ ᠬᠥᠮᠦᠨ᠂ 3.05 ᠳ᠋ᠦᠩᠱᠢᠭᠤᠷ ᠬᠥᠮᠦᠨ᠎ᠳᠦ ᠬᠦᠷᠴᠦ᠍᠂ ᠲᠡᠭᠡᠷ᠎ᠡ ᠵᠢᠯ᠎ᠦᠨ ᠡᠴᠦᠰ᠎ᠦᠨ ᠬᠢ᠎ᠡᠴᠡ ᠪᠠᠨ ᠲᠣᠰ ᠲᠣᠰ 316 ᠲᠦᠮᠡᠨ ᠬᠥᠮᠦᠨ᠂ 329 ᠲᠦᠮᠡᠨ ᠬᠥᠮᠦᠨ᠂ 102 ᠲᠦᠮᠡᠨ ᠬᠥᠮᠦᠨ ᠨᠡᠮᠡᠭ᠌ᠳᠡᠵᠡᠶ᠃ ᠪᠥᠬᠥ᠌ ᠵᠢᠯ ᠎ᠦᠨ ᠭᠤᠷᠪᠠᠨ ᠵᠦᠶ᠋ᠯ᠎ᠦᠨ ᠨᠡᠢᠭᠡᠮ᠎ᠦᠨ ᠳᠠᠭᠠᠳᠭᠠᠯ ᠎ᠤᠨ ᠰᠠᠭᠤᠷᠢ ᠮᠥᠩᠭᠥ᠎ᠶ᠋ᠢᠨ ᠶᠡᠷᠦᠩᠬᠡᠶ ᠣᠷᠣᠯᠭ᠎ᠠ 9.1 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠶᠡᠷᠦᠩᠬᠡᠶ ᠵᠠᠷᠤᠯᠭ᠎ᠠ 8.1 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠦᠨ ᠡᠴᠦᠰ᠎ᠲᠦ ᠨᠡᠢᠲᠡ 10.2 ᠲᠦᠮᠡᠨ ᠳ᠋ᠦᠩᠱᠢᠭᠤᠷ ᠲᠥᠭᠥᠷᠢᠭ᠎ᠦᠨ ᠦᠯᠡᠳᠡᠪᠦᠷᠢ᠎ᠲᠡᠶ ᠪᠣᠯᠵᠣ᠂ ᠰᠠᠭᠤᠷᠢ ᠮᠥᠩᠭᠥ᠎ᠶ᠋ᠢᠨ ᠠᠵᠢᠯᠯᠠᠭᠠᠨ ᠶᠡᠷᠦᠩᠬᠡᠶ᠎ᠳᠡᠭᠡᠨ ᠲᠣᠭ᠍ᠲᠠᠭᠤᠨ ᠪᠠᠢᠨ᠎ᠠ᠃

ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢᠨ ᠬᠢᠨᠠᠯᠲᠠ ᠬᠠᠮᠢᠶᠠᠷᠤᠯᠲᠠ ᠪᠠ ᠪᠡᠯᠡ ᠣᠷᠣᠭᠤᠯᠤᠯᠲᠠ᠎ᠶ᠋ᠢᠨ ᠡᠵᠡᠩᠨᠡᠯᠲᠡ ᠲᠠᠰᠤᠷᠠᠯᠲᠠ ᠦᠭᠡᠢ ᠴᠢᠩᠭᠠᠷᠠᠪᠠ᠃ 2025 ᠣᠨ ᠎ᠤ ᠡᠴᠦᠰ ᠪᠣᠯᠲᠠᠯ᠎ᠠ᠂ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠰᠠᠭᠤᠷᠢ ᠮᠥᠩᠭᠥ ᠎ᠶ᠋ᠢᠨ ᠨᠠᠢᠳᠠᠭ᠍ᠰᠠᠨ ᠪᠠᠯᠠ ᠣᠷᠣᠭᠤᠯᠤᠯᠲᠠ᠎ᠶ᠋ᠢᠨ ᠬᠡᠪᠴᠢᠶ᠎ᠡ 2.98 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ᠃




     ᠢᠷᠡᠯᠳᠡ᠄ ᠰᠢᠨᠬᠤᠸᠠ ᠬᠤᠷᠢᠶ᠎ᠠ



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号