ᠤᠯᠠᠭᠠᠨᠴᠠᠪ ᠬᠣᠲᠠ᠄ ᠠᠷᠠᠳ ᠎ᠤᠨ ᠠᠮᠢᠳᠤᠷᠠᠯ ᠎ᠤᠨ ᠪᠠᠲᠤᠯᠠᠭ᠎ᠠ᠎ ᠶ᠋ᠢᠨ ᠲᠤᠤᠷ᠎ᠢ ᠨᠢᠭ᠍ᠲᠠ ᠰᠦᠯᠵᠢᠵᠦ᠍ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ
2026-01-29 17:39:00
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠯᠠᠭᠠᠨᠴᠠᠪ ᠬᠣᠲᠠ《ᠬᠠᠬᠢᠷ ᠡᠪᠦᠯ ᠬᠠᠢᠷ᠎ᠠ ᠬᠠᠯᠠᠮᠵᠢ ᠬᠦᠷᠭᠡᠬᠦ᠌》 ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠬᠣᠯᠪᠣᠭᠠᠯᠠᠨ ᠬᠥᠳᠡᠯᠦᠯᠴᠡᠬᠦ᠌᠂ ᠨᠠᠷᠢᠯᠢᠭ ᠤᠨᠤᠴᠠᠳᠠᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠪᠡᠷ ᠳᠠᠮᠵᠢᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠮᠤᠷ ᠲᠦᠪᠱᠢᠨ᠎ᠦ ᠲᠤᠤᠷ᠎ᠢ ᠨᠢᠭ᠍ᠲᠠ ᠰᠦᠯᠵᠢᠵᠦ᠍᠂ ᠬᠦᠴᠢᠷᠳᠡᠯᠲᠡᠶ ᠣᠯᠠᠨ ᠲᠦᠮᠡᠨ᠎ᠳᠦ ᠠᠪᠤᠷᠠᠨ ᠲᠤᠰᠠᠯᠠᠬᠤ ᠬᠠᠢᠷ᠎ᠠ ᠬᠠᠯᠠᠮᠵᠢ ᠬᠦᠷᠲᠡᠭᠡᠪᠡ᠃ ᠣᠳᠣᠬᠠᠨ ᠪᠣᠯᠲᠠᠯ᠎ᠠ ᠂ ᠪᠥᠬᠥ᠌ ᠬᠣᠲᠠ᠎ᠶ᠋ᠢᠨ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠡᠲᠡᠭᠡᠳ 43 ᠲᠦᠮᠡᠨ ᠬᠥᠮᠦᠨ᠂ ᠬᠣᠲᠠ ᠬᠥᠳᠡᠭᠡ᠎ᠶ᠋ᠢᠨ ᠣᠨᠴᠠ ᠬᠦᠴᠢᠷᠳᠡᠯᠲᠡᠶ 2.9 ᠲᠦᠮᠡᠨ ᠬᠥᠮᠦᠨ᠎ᠳᠦ ᠨᠡᠢᠲᠡ 20.9 ᠳ᠋ᠦᠩᠱᠢᠭᠤᠷ ᠲᠥᠭᠥᠷᠢᠭ᠎ᠦᠨ ᠠᠪᠤᠷᠠᠨ ᠲᠤᠰᠠᠯᠠᠬᠤ ᠪᠠᠯᠠ ᠮᠥᠩᠭᠥ᠌ ᠵᠠᠷᠤᠴᠠᠭᠤᠯᠪᠠ︔1.9 ᠲᠦᠮᠡᠨ ᠬᠥᠮᠦᠨ ᠤᠳᠠᠭ᠎ᠠ᠎ᠶ᠋ᠢ ᠲᠦᠷ ᠴᠠᠭ ᠠᠪᠤᠷᠠᠨ ᠲᠤᠰᠠᠯᠠᠵᠤ ᠂ 2010 ᠲᠦᠮᠡᠨ ᠲᠥᠭᠥᠷᠢᠭ ᠵᠠᠷᠤᠴᠠᠭᠤᠯᠪᠠ᠃

ᠱᠢᠩ ᠾᠧ ᠱᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ 1050 ᠬᠦᠴᠢᠷᠳᠡᠯᠲᠡᠶ ᠣᠯᠠᠨ ᠲᠦᠮᠡᠨ (665 ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ 385 ᠣᠨᠴᠠ ᠬᠦᠴᠢᠷᠳᠡᠯᠲᠡᠶ ᠬᠥᠮᠦᠰ ᠪᠠᠭ᠍ᠲᠠᠨ᠎ᠠ)ᠳ᠋ᠤ ᠳᠤᠯᠠᠭᠠᠯᠠᠭ᠎ᠠ᠎ᠶ᠋ᠢᠨ ᠨᠥᠬᠥᠪᠥᠷᠢ ᠣᠯᠭᠣᠵᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠎ᠢ ᠬᠥᠮᠦᠨ ᠳᠤᠮᠳᠠᠴᠢ᠎ᠪᠠᠷ 200 ᠲᠥᠭᠥᠷᠢᠭ ᠠᠪᠤᠷᠠᠨ ᠲᠤᠰᠠᠯᠠᠵᠤ᠂ ᠣᠨᠴᠠ ᠬᠦᠴᠢᠷᠳᠡᠯᠲᠡᠶ ᠬᠥᠮᠦᠰ᠎ᠢ ᠬᠥᠮᠦᠨ ᠳᠤᠮᠳᠠᠴᠢ᠎ᠪᠠᠷ 446.9 ᠲᠥᠭᠥᠷᠢᠭ ᠠᠪᠤᠷᠠᠨ ᠲᠤᠰᠠᠯᠠᠵᠤ᠂ ᠨᠡᠢᠲᠡ 25.94 ᠲᠦᠮᠡᠨ ᠲᠥᠭᠥᠷᠢᠭ ᠵᠠᠷᠤᠴᠠᠭᠤᠯᠵᠤ᠂ ᠡᠪᠦᠯ᠎ᠦᠨ ᠳᠤᠯᠠᠭᠠᠯᠠᠭ᠎ᠠ᠎ᠶ᠋ᠢᠨ ᠬᠦᠴᠢᠷ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠪᠡ᠃

ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠣᠶᠤᠨ ᠮᠡᠳᠡᠷᠡᠯ᠎ᠦᠨ ᠰᠠᠭᠠᠳ᠎ᠲᠠᠶ ᠡᠷᠡᠭᠦᠯᠵᠢᠭᠦᠯᠦᠭ᠌ᠴᠢᠳ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠢ ᠶᠤᠸᠠᠨ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠢ ᠵᠢᠯᠣᠭᠣᠳᠤᠨ ᠡᠷᠦᠬᠡ᠎ᠳᠦ ᠬᠦᠨᠵᠡᠭᠡᠢᠷᠡᠵᠤ᠂ ᠡᠪᠤᠯ᠎ᠦᠨ ᠤᠯᠠᠷᠢᠯ᠎ᠦᠨ ᠬᠤᠪᠴᠠᠰᠤ ᠬᠤᠨᠠᠷ ᠬᠠᠨᠳᠢᠪᠯᠠᠬᠤ ᠠᠵᠢᠯᠯᠠᠭ᠎ᠠ ᠥᠷᠨᠢᠭᠦᠯᠵᠦ᠍᠂ ᠡᠷᠦᠬᠡ᠎ᠳᠦ ᠬᠦᠨᠵᠡᠭᠡᠢᠷᠡᠵᠤ ᠡᠷᠡᠭᠦᠯᠵᠢᠭᠦᠯᠦᠭ᠌ᠴᠢᠳ᠎ᠦᠨ ᠪᠡᠶ᠎ᠠ ᠰᠡᠳᠬᠢᠴᠡ ᠵᠢᠨ ᠪᠠᠢᠳᠠᠯ ᠵᠢᠴᠢ ᠬᠡᠷ ᠪᠦᠯᠢ᠎ᠶ᠋ᠢᠨ ᠬᠦᠴᠢᠷᠳᠡᠯ᠎ᠢ᠎ᠨᠢ ᠨᠠᠷᠢᠯᠢᠭ ᠣᠢᠯᠠᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ᠍᠂ ᠡᠳ᠋ ᠪᠣᠳᠠᠰ᠎ᠤᠨ ᠳᠡᠮᠵᠢᠯᠭᠡ ᠬᠠᠩᠭᠠᠵᠦ᠂ ᠰᠡᠳᠬᠢᠴᠡ ᠵᠢᠨ ᠬᠠᠢᠷ᠎ᠠ ᠬᠠᠯᠠᠮᠵᠢᠯᠠᠯ᠎ᠢᠶᠠᠷ ᠠᠮᠢᠳᠤᠷᠠᠯ᠎ᠤᠨ ᠢᠳᠡᠭᠡᠯ᠎ᠢ ᠨᠢ ᠬᠦᠪᠴᠢᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号