1 ᠰᠠᠷ᠎ᠠ᠎ᠶ᠋ᠢᠨ 26 ᠤ᠋ ᠡᠳᠦᠷ᠂ 2025 ᠣᠨ᠎ᠤ ᠪᠥᠬᠥ᠌ ᠤᠯᠤᠰ᠎ᠤᠨ ᠬᠥᠬᠡ ᠲᠠᠰ᠎ᠤᠨ ᠪᠠ ᠬᠥᠬᠡᠭ᠌ᠴᠢᠨ ᠲᠠᠰ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠤᠨ ᠨᠡᠷᠡᠰ᠎ᠢ ᠨᠡᠢᠲᠡᠯᠡᠪᠡ᠃ 《〈ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠤᠨ ᠦᠨᠳᠦᠰᠦᠨ ᠱᠠᠭᠠᠷᠳᠠᠯᠭ᠎ᠠ ᠬᠢᠭᠡᠳ ᠳᠡᠰ᠎ᠤᠨ ᠬᠤᠪᠢᠶᠠᠷᠢᠯᠠᠯ〉 (GB / T 41648—2022) ᠢ᠋ ᠬᠡᠷᠡᠭ᠌ᠵᠢᠭᠦᠯᠬᠦ᠌ ᠠᠵᠢᠯ᠎ᠤᠨ ᠵᠢᠯᠣᠭᠣᠳᠤᠮᠵᠢ᠎ᠶ᠋ᠢᠨ ᠲᠦᠷᠢᠮ》 ᠢ᠋ ᠦᠨᠳᠦᠰᠦᠯᠡᠪᠡᠯ᠂ 81 ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠨᠢ ᠪᠥᠬᠥ᠌ ᠤᠯᠤᠰ᠎ᠤᠨ ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠤᠨ ᠬᠥᠬᠡ ᠲᠠᠰ᠎ᠤᠨ ᠪᠠᠷᠢᠮᠵᠢᠶ᠎ᠠ᠎ᠳᠤ ᠨᠡᠢᠴᠡᠵᠦ᠍᠂ 104 ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠨᠢ ᠪᠥᠬᠥ᠌ ᠤᠯᠤᠰ᠎ᠤᠨ ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠤᠨ ᠬᠥᠬᠡᠭ᠌ᠴᠢᠨ ᠲᠠᠰ᠎ᠤᠨ ᠪᠠᠷᠢᠮᠵᠢᠶ᠎ᠠ᠎ᠳᠤ ᠨᠡᠢᠴᠡᠪᠡ᠃
ᠡᠭᠦᠨ᠎ᠡᠴᠡ ᠭᠠᠳᠠᠨ᠎ᠠ᠂ ᠳᠠᠬᠢᠨ ᠬᠢᠨᠠᠬᠤ᠎ᠪᠠᠷ ᠳᠡᠮᠵᠢᠨ᠂ 2022 ᠣᠨ᠎ᠳᠤ ᠬᠢᠨᠠᠨ ᠲᠣᠭ᠍ᠲᠠᠭᠠᠭ᠍ᠰᠠᠨ ᠪᠥᠬᠥ᠌ ᠤᠯᠤᠰ᠎ᠤᠨ ᠬᠥᠬᠡ ᠲᠠᠰ᠎ᠤᠨ ᠪᠠ ᠬᠥᠬᠡᠭ᠌ᠴᠢᠨ ᠲᠠᠰ᠎ᠤᠨ 71 ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ ᠳᠣᠲᠣᠷᠠᠬᠢ 38 ᠵᠢᠭᠤᠯᠴᠢᠯᠠᠯ᠎ᠤᠨ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠨᠢ ᠬᠥᠬᠡ ᠲᠠᠰ᠎ᠤᠨ ᠪᠠᠷᠢᠮᠵᠢᠶ᠎ᠠ᠎ᠳᠤ ᠨᠡᠢᠴᠡᠵᠦ᠍᠂ 24 ᠨᠢ ᠬᠥᠬᠡᠭ᠌ᠴᠢᠨ ᠲᠠᠰ᠎ᠤᠨ ᠪᠠᠷᠢᠮᠵᠢᠶ᠎ᠠ᠎ᠳᠤ ᠨᠡᠢᠴᠡᠵᠦ᠍᠂ 5 ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠨᠢ ᠳᠠᠬᠢᠨ ᠬᠢᠨᠠᠯᠳᠠ᠎ᠳᠦ ᠬᠠᠮᠢᠶ᠎ᠠ ᠪᠦᠬᠦᠢ ᠪᠠᠷᠢᠮᠵᠢᠶ᠎ᠠ ᠳ᠋ᠤ ᠨᠡᠢᠴᠡᠭᠰᠡᠨ ᠥᠬᠡᠶ ᠪᠤᠯᠬᠤᠷ ᠬᠠᠷᠠᠭᠠᠯᠵᠠᠭ᠍ᠰᠠᠨ ᠲᠠᠰ᠎ᠢ᠎ᠨᠢ ᠬᠦᠴᠦᠨ ᠥᠬᠡᠶ ᠪᠣᠯᠭᠠᠵᠤ᠂ 4 ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠎ᠤᠨ ᠳᠠᠬᠢᠨ ᠬᠢᠨᠠᠬᠤ ᠵᠢ ᠬᠤᠢᠰᠢᠯᠠᠭᠤᠯᠪᠠ᠃ 2021 ᠣᠨ᠎ᠳᠤ ᠬᠢᠨᠠᠨ ᠲᠣᠭ᠍ᠲᠠᠭᠠᠵᠤ᠂ 2024 ᠣᠨ᠎ᠳᠤ ᠳᠠᠬᠢᠨ ᠬᠢᠨᠠᠬᠤ᠎ᠶ᠋ᠢ ᠬᠣᠢᠱᠢᠯᠠᠭᠤᠯᠬᠤ᠎ᠪᠠᠷ ᠭᠤᠶᠤᠴᠢᠯᠠᠭ᠍ᠰᠠᠨ ᠬᠥᠬᠡᠭ᠌ᠴᠢᠨ ᠲᠠᠰ᠎ᠤᠨ 1 ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ ᠳᠠᠬᠢᠨ ᠬᠢᠨᠠᠯᠳᠠ ᠳ᠋ᠤ ᠬᠠᠮᠢᠶ᠎ᠠ ᠪᠦᠬᠦᠢ ᠪᠠᠷᠢᠮᠵᠢᠶ᠎ᠠ ᠳ᠋ᠤ ᠬᠦᠷᠦᠭᠰᠡᠨ ᠦᠬᠡᠢ ᠪᠤᠯᠬᠤᠷ ᠬᠠᠷᠠᠭᠠᠯᠵᠠᠭ᠍ᠰᠠᠨ ᠳᠡᠰ᠎ᠢ ᠨᠢ ᠬᠦᠴᠦᠨ ᠥᠬᠡᠶ ᠪᠣᠯᠭᠠᠪᠠ᠃
(ᠰᠢᠨᠬᠤᠸᠠ ᠬᠤᠷᠢᠶ᠎ᠠ᠎ᠶᠢᠨ ᠴᠠᠬᠢᠯᠭᠠᠨ ᠮᠡᠳᠡᠬᠡ ᠰᠣᠶᠣᠯ ᠪᠠ ᠵᠢᠭᠤᠯᠴᠢᠯᠠᠯ᠎ᠤᠨ ᠶᠠᠮᠤᠨ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号