ᠡᠨᠡ ᠵᠢᠯ ᠥᠪᠥᠷ ᠮᠣᠩᠭᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠠᠵᠢᠯ ᠢ᠋ ᠠᠷᠪᠠᠨ ᠵᠦᠢᠯ᠎ᠤᠨ ᠭᠤᠤᠯᠳᠠᠯᠭ᠎ᠠ ᠲᠠᠢ ᠡᠬᠦᠷᠭᠡ᠎ᠵᠢᠨ ᠲᠤᠭᠤᠷᠢᠨ᠎ᠳᠤ ᠦᠷᠨᠢᠬᠦᠯᠤᠨ᠎ᠠ
2026-01-29 11:25:37
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠬᠤᠷᠠᠯᠳᠤᠭᠰᠠᠨ 2026 ᠣᠨ ᠤ᠋ ᠪᠦᠬᠦ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠠᠵᠢᠯ ᠤ᠋ᠨ ᠬᠤᠷᠠᠯ ᠡᠴᠡ ᠤᠢᠯᠠᠭᠠᠭᠰᠠᠨ ᠵᠢᠡᠷ᠂ 2026 ᠤᠨ ᠤ᠋ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠠᠵᠢᠯ ᠢ᠋ ᠠᠷᠪᠠᠨ ᠵᠦᠢᠯ ᠤ᠋ᠨ ᠭᠣᠣᠯᠳᠠᠯᠭ᠎ᠠ ᠲᠠᠢ ᠡᠭᠦᠷᠭᠡ ᠵᠢᠨ ᠲᠣᠭᠣᠷᠢᠨ ᠳ᠋ᠤ᠌ ᠥᠷᠨᠢᠭᠦᠯᠬᠦ ᠪᠡᠷ ᠪᠤᠢ᠃

ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ᠋ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠷᠡᠭᠦᠯ ᠮᠡᠨᠳᠤ ᠵᠢ ᠤᠷᠢᠳ ᠵᠢᠡᠷ ᠬᠥᠭᠵᠢᠭᠦᠯᠬᠦ ᠪᠠᠢᠯᠳᠤᠬᠤ ᠪᠣᠳᠣᠯᠭ᠎ᠠ ᠵᠢ ᠪᠦᠬᠦ ᠲᠠᠯ᠎ᠠ ᠪᠠᠷ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠰᠠᠭᠤᠷᠢ ᠵᠢ ᠪᠡᠬᠢᠵᠢᠭᠦᠯᠬᠦ ᠢᠨᠵᠧᠨᠧᠷᠢᠩ ᠢ᠋ ᠬᠡᠷᠡᠭᠵᠢᠭᠦᠯᠵᠦ᠂ ᠦᠢᠯᠡᠴᠢᠯᠡᠭᠡᠨ ᠤ᠋ ᠲᠡᠩᠴᠡᠭᠦᠷᠢᠲᠦ ᠴᠢᠨᠠᠷ ᠪᠠ ᠪᠣᠯᠣᠯᠴᠠᠭᠠᠲᠤ ᠴᠢᠨᠠᠷ ᠢ᠋ ᠬᠦᠴᠦᠯᠡᠨ ᠳᠡᠭᠡᠭᠰᠢᠯᠡᠭᠦᠯᠤᠨ᠎ᠠ᠃ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠨ ᠦᠢᠯᠡᠴᠢᠯᠡᠬᠦ ᠦᠢᠯᠡᠴᠢᠯᠡᠭᠡ ᠵᠢ ᠰᠢᠯᠢᠳᠡᠭᠵᠢᠭᠦᠯᠵᠦ᠂ ᠪᠥᠬᠥ ᠬᠥᠮᠦᠰ ᠤ᠋ᠨ ᠵᠦᠪᠯᠡᠯᠴᠡᠭᠡᠷ ᠲᠣᠭᠲᠠᠬᠤ ᠨᠣᠷᠮ᠎ᠠ ᠵᠢ 55% ᠡᠴᠡ ᠳᠡᠭᠡᠭᠰᠢ ᠪᠣᠯᠭᠠᠨ ᠳᠡᠭᠡᠭᠰᠢᠯᠡᠭᠦᠯᠬᠦ ᠵᠢ ᠠᠬᠢᠭᠤᠯᠤᠨ᠂ ᠭᠣᠣᠯᠳᠠᠯᠭ᠎ᠠ ᠲᠠᠢ ᠬᠥᠮᠦᠰ ᠤ᠋ᠨ ᠵᠦᠪᠯᠡᠯᠴᠡᠭᠡᠷ ᠲᠣᠭᠲᠠᠬᠤ ᠨᠣᠷᠮ᠎ᠠ ᠵᠢ 85% ᠡᠴᠡ ᠳᠡᠭᠡᠭᠰᠢ ᠪᠣᠯᠭᠠᠨ ᠳᠡᠭᠡᠭᠰᠢᠯᠡᠭᠦᠯᠦᠨ᠎ᠡ᠃ ᠪᠦᠬᠦ ᠣᠷᠣᠨ ᠤ᠋ 1000 ᠲᠣᠰᠬᠣᠨ ᠤ᠋ ᠡᠷᠡᠭᠦᠯ ᠬᠠᠮᠠᠭᠠᠯᠠᠯ ᠤ᠋ᠨ ᠲᠠᠰᠤᠭ ᠲᠤ᠌ ᠲᠣᠭᠣᠷᠢᠨ ᠡᠮᠨᠡᠬᠦ ᠪᠠᠷᠢᠮᠵᠢᠶᠠᠲᠤ ᠪᠣᠭᠴᠣ ᠲᠣᠬᠢᠷᠠᠭᠤᠯᠵᠤ᠂ ᠰᠤᠮᠤ ᠰᠢᠶᠠᠩ ᠪᠠᠯᠭᠠᠰᠤ ᠵᠢᠨ ᠡᠷᠡᠭᠦᠯ ᠬᠠᠮᠠᠭᠠᠯᠠᠯ ᠤ᠋ᠨ ᠬᠣᠷᠢᠶ᠎ᠠ ᠳ᠋ᠤ᠌ 50 ᠲᠦᠷᠭᠡᠨ ᠠᠪᠤᠷᠠᠬᠤ ᠲᠡᠷᠭᠡ᠂ 30 ᠲᠣᠭᠣᠷᠢᠨ ᠡᠮᠨᠡᠬᠦ ᠦᠢᠯᠡᠴᠢᠯᠡᠭᠡᠨ ᠤ᠋ ᠲᠡᠷᠭᠡ ᠵᠢ ᠲᠣᠬᠢᠷᠠᠭᠤᠯᠵᠤ᠂ ᠰᠤᠮᠤ ᠰᠢᠶᠠᠩ ᠪᠠᠯᠭᠠᠰᠤ ᠵᠢᠨ ᠲᠦᠷᠭᠡᠨ ᠠᠪᠤᠷᠠᠬᠤ ᠳᠠᠰᠤᠭ ᠢ᠋ 30 ᠰᠢᠨ᠎ᠡ ᠪᠡᠷ ᠪᠠᠢᠭᠤᠯᠬᠤ ᠪᠤᠶᠤ ᠥᠭᠡᠷᠡᠴᠢᠯᠡᠨ ᠪᠠᠢᠭᠤᠯᠤᠨ᠎ᠠ᠃ 《ᠲᠠᠪᠤᠨ ᠲᠣᠭᠲᠠᠮᠠᠯ》 ᠲᠣᠭᠣᠷᠢᠨ ᠡᠮᠨᠡᠬᠦ ᠦᠢᠯᠡᠴᠢᠯᠡᠭᠡᠨ ᠤ᠋ ᠰᠢᠰᠲ᠋ᠧᠮ ᠤ᠋ᠨ ᠪᠠᠢᠭᠤᠯᠤᠯᠲᠠ ᠵᠢ ᠠᠬᠢᠭᠤᠯᠵᠤ᠂ 2026 ᠣᠨ ᠳ᠋ᠤ᠌ ᠬᠢᠯᠢ ᠵᠢᠨ ᠬᠣᠰᠢᠭᠤ ᠰᠢᠶᠠᠨ ᠢ᠋ ᠪᠦᠬᠦᠨ ᠢ᠋ ᠪᠦᠷᠬᠦᠭᠦᠯᠬᠦ ᠵᠢ ᠪᠡᠶᠡᠯᠡᠭᠦᠯᠦᠨ᠎ᠡ᠃ ᠨᠡᠢᠲᠡ ᠵᠢᠨ ᠠᠰᠠᠷᠠᠮᠵᠢ ᠵᠢᠨ ᠴᠢᠨᠠᠷ ᠵᠢᠠᠷ ᠤᠳᠤᠷᠢᠳᠤᠮᠵᠢ ᠪᠣᠯᠭᠠᠵᠤ᠂ ᠠᠯᠪᠠᠨ ᠡᠴᠡ ᠪᠠᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠴᠢᠨᠠᠷ ᠰᠠᠢᠲᠠᠢ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ᠃ ᠪᠠᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠴᠢᠨᠠᠷ ᠰᠠᠢᠲᠠᠢ ᠬᠥᠭᠵᠢᠯᠲᠡ ᠵᠢᠨ ᠳᠣᠲᠣᠭᠠᠳᠤ ᠬᠥᠳᠡᠯᠭᠡᠬᠦ ᠬᠦᠴᠦᠨ ᠢ᠋ ᠲᠠᠰᠤᠷᠠᠯᠲᠠ ᠦᠭᠡᠢ ᠢᠳᠡᠪᠬᠢᠵᠢᠭᠦᠯᠦᠨ᠎ᠡ᠃ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠰᠢᠰᠲ᠋ᠧᠮ ᠤ᠋ᠨ ᠪᠠᠢᠭᠤᠯᠤᠯᠲᠠ ᠵᠢ ᠴᠢᠩᠭᠠᠳᠬᠠᠨ᠂ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠠᠮᠤᠷ ᠲᠦᠪᠰᠢᠨ ᠤ᠋ ᠰᠡᠷᠭᠡᠢᠯᠡᠯᠲᠡ ᠵᠢᠨ ᠱᠤᠭᠤᠮ ᠢ᠋ ᠪᠦᠲᠦᠮᠵᠢᠲᠡᠢ ᠪᠡᠬᠢᠵᠢᠭᠦᠯᠦᠨ᠎ᠡ᠃ ᠬᠢᠲᠠᠳ ᠮᠣᠩᠭᠣᠯ ᠡᠮ ᠡᠮᠨᠡᠯᠭᠡ ᠵᠢ ᠤᠯᠠᠮᠵᠢᠯᠠᠨ ᠵᠠᠯᠭᠠᠮᠵᠢᠯᠠᠬᠤ ᠰᠢᠨ᠎ᠡ ᠵᠢ ᠡᠭᠦᠳᠦᠨ ᠬᠥᠭᠵᠢᠭᠦᠯᠬᠦ ᠵᠢ ᠴᠢᠩᠭᠠᠳᠬᠠᠵᠤ᠂ ᠦᠪᠡᠷᠮᠢᠴᠡ ᠤᠨᠴᠠᠯᠢᠭ ᠲᠠᠢ ᠡᠷᠡᠭᠦᠯ ᠮᠡᠨᠳᠦ ᠵᠢᠨ ᠦᠢᠯᠡᠴᠢᠯᠡᠭᠡᠨ ᠤ᠋ ᠦᠷ᠎ᠡ ᠠᠰᠢᠭ ᠢ᠋ ᠦᠷᠭᠦᠯᠵᠢᠯᠡᠨ ᠳᠡᠭᠡᠭᠰᠢᠯᠡᠭᠦᠯᠦᠨ᠎ᠡ᠃ ᠭᠣᠣᠯᠳᠠᠯᠭ᠎ᠠ ᠲᠠᠢ ᠬᠥᠮᠦᠰ ᠲᠦ᠍ ᠬᠠᠨᠳᠤᠭᠤᠯᠵᠤ᠂ ᠬᠥᠮᠦᠨ ᠠᠮᠠ ᠵᠢᠨ ᠴᠢᠨᠠᠷ ᠰᠠᠢᠲᠠᠢ ᠬᠥᠭᠵᠢᠯᠲᠡ ᠵᠢᠨ ᠲᠦᠪᠰᠢᠨ ᠢ᠋ ᠴᠢᠷᠮᠠᠢᠨ ᠳᠡᠭᠡᠭᠰᠢᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号