ᠠᠩᠬᠠᠳᠠᠭ᠍ᠴᠢ ᠦᠨᠳᠦᠰᠦᠲᠡᠨ᠎ᠦ ᠡᠮ ᠡᠮᠨᠡᠯᠭᠡ᠎ᠶ᠋ᠢᠨ ᠡᠪᠡᠳᠴᠢᠨ ᠡᠮᠭᠡᠭ ᠤ᠋ᠨ ᠠᠩᠭᠢᠯᠠᠯ ᠪᠠ ᠣᠷᠣᠯᠠᠬᠤ ᠲᠡᠮᠳᠡᠭ᠎ᠦᠨ ᠤᠯᠤᠰ᠎ᠤᠨ ᠪᠠᠷᠢᠮᠵᠢᠶ᠎ᠠ᠎ᠶ᠋ᠢ ᠨᠡᠢᠲᠡᠯᠡᠪᠡ
2026-01-29 17:15:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ ᠎ᠤᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠰᠦᠯᠵᠢᠶ᠎ᠠ᠎ᠡᠣᠢᠷ᠎ᠠ᠎ᠳᠤ᠂《ᠲᠥᠪᠡᠳ ᠡᠮᠨᠡᠯᠭᠡ᠎ᠶ᠋ᠢᠨ ᠡᠪᠡᠳᠴᠢᠨ ᠡᠮᠭᠡᠭ ᠎ᠦᠨ ᠠᠩᠭᠢᠯᠠᠯ ᠪᠠ ᠣᠷᠣᠯᠠᠬᠤ ᠲᠡᠮᠳᠡᠭ》 ᠤ᠋ᠨ ᠲᠠᠨᠢᠯᠴᠠᠭᠤᠯᠭ᠎ᠠ᠎ᠶ᠋ᠢᠨ ᠴᠢᠨᠠᠷᠲᠠᠶ ᠤᠯᠤᠰ ᠎ᠤᠨ ᠪᠠᠷᠢᠮᠵᠢᠶ᠎ᠠ ᠎ᠶ᠋ᠢ ᠵᠢᠩᠬᠢᠨᠢ᠎ᠪᠡᠷ ᠨᠡᠢᠲᠡᠯᠡᠪᠡ᠃ ᠰᠤᠷᠪᠤᠯᠵᠢᠯᠠᠭ᠍ᠴᠢ ᠡᠴᠡ ᠲᠤᠭᠤᠷᠪᠢᠨ ᠪᠢᠴᠢᠭᠰᠡᠨ ᠲᠦᠪᠡᠳ ᠤ᠋ᠨ ᠲᠦᠪᠡᠳ ᠡᠮ ᠡᠮᠨᠡᠯᠭᠡ ᠵᠢᠨ ᠶᠡᠭᠡ ᠰᠤᠷᠭᠠᠭᠤᠯᠢ ᠡᠴᠡ ᠣᠢᠯᠠᠭᠠᠭ᠍ᠰᠠᠨ᠎ᠢᠶᠠᠷ᠂ ᠲᠤᠰ ᠪᠠᠷᠢᠮᠵᠢᠶ᠎ᠠ᠎ᠶ᠋ᠢᠨ ᠲᠤᠭᠤᠷᠪᠢᠨ ᠪᠢᠴᠢᠬᠦ ᠵᠢ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠡᠴᠡ ᠵᠣᠬᠢᠶᠠᠨ ᠪᠠᠢᠭᠤᠯᠵᠤ᠂ 4 ᠰᠠᠷ᠎ᠠ᠎ᠶ᠋ᠢᠨ 1 ᠎ᠤ᠋ ᠡᠳᠦᠷ᠎ᠡᠴᠡ ᠡᠬᠢᠯᠡᠨ ᠵᠢᠩᠬᠢᠨᠢ᠎ᠪᠡᠷ ᠬᠡᠷᠡᠭ᠌ᠵᠢᠭᠦᠯᠬᠦ᠌ ᠪᠣᠯᠤᠨ᠎ᠠ᠃ ᠣᠢᠯᠠᠭᠠᠭ᠍ᠰᠠᠨ᠎ᠢᠶᠠᠷ᠂ ᠲᠣᠰ ᠪᠠᠷᠢᠮᠵᠢᠶ᠎ᠠ ᠪᠣᠯ ᠠᠩᠬᠠᠳᠠᠭ᠍ᠴᠢ ᠦᠨᠳᠦᠰᠦᠲᠡᠨ᠎ᠦ ᠡᠮ ᠡᠮᠨᠡᠯᠭᠡ᠎ᠶ᠋ᠢᠨ ᠡᠪᠡᠳᠴᠢᠨ ᠡᠮᠭᠡᠭ ᠎ᠦᠨ ᠠᠩᠭᠢᠯᠠᠯ ᠪᠠ ᠣᠷᠣᠯᠠᠬᠤ ᠲᠡᠮᠳᠡᠭ᠎ᠦᠨ ᠤᠯᠤᠰ᠎ᠤᠨ ᠪᠠᠷᠢᠮᠵᠢᠶ᠎ᠠ ᠪᠣᠯᠤᠨ᠎ᠠ᠃

ᠲᠥᠪᠡᠳ᠎ᠦᠨ ᠲᠥᠪᠡᠳ ᠡᠮ ᠡᠮᠨᠡᠯᠭᠡ᠎ᠶ᠋ᠢᠨ ᠶᠡᠬᠡ ᠰᠤᠷᠭᠠᠭᠤᠯᠢ᠎ᠶ᠋ᠢᠨ ᠵᠠᠬᠢᠷᠤᠯ᠂ ᠪᠦᠬᠦ᠌ ᠤᠯᠤᠰ᠎ᠤᠨ ᠬᠢᠲᠠᠳ ᠡᠮ ᠡᠮᠨᠡᠯᠭᠡ ᠶ᠋ᠢᠨ ᠪᠠᠷᠢᠮᠵᠢᠶᠠᠵᠢᠭᠤᠯᠤᠯᠲᠠ᠎ᠶ᠋ᠢᠨ ᠮᠡᠷᠭᠡᠵᠢᠯ᠎ᠦᠨ ᠺᠣᠮᠢᠰ᠎ᠤᠨ ᠲᠥᠪᠡᠳ ᠡᠮᠨᠡᠯᠭᠡ ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠠᠵᠢᠯ᠎ᠤᠨ ᠳᠤᠭᠤᠢᠯᠠᠩ᠎ᠤᠨ ᠳᠠᠷᠤᠭ᠎ᠠ ᠮᠢᠮᠠ᠄ 《〈ᠲᠥᠪᠡᠳ ᠡᠮᠨᠡᠯᠭᠡ᠎ᠶ᠋ᠢᠨ ᠡᠪᠡᠳᠴᠢᠨ ᠡᠮᠭᠡᠭ᠎ᠦᠨ ᠠᠩᠭᠢᠯᠠᠯ ᠪᠠ ᠣᠷᠣᠯᠠᠯ ᠲᠡᠮᠳᠡᠭ〉 ᠲᠤ᠌ ᠲᠥᠪᠡᠳ ᠡᠮᠨᠡᠯᠭᠡ᠎ᠶ᠋ᠢᠨ ᠡᠷᠳᠡᠮ ᠱᠢᠨᠵᠢᠯᠡᠭᠡᠨ᠎ᠦ ᠤᠨᠤᠯ᠎ᠤᠨ ᠤᠭ ᠴᠣᠭ᠍ᠴᠠ᠎ᠶ᠋ᠢ ᠵᠢᠷᠤᠮᠯᠠᠨ᠂ ᠲᠥᠪᠡᠳ ᠡᠮᠨᠡᠯᠭᠡ᠎ᠶ᠋ᠢᠨ ᠡᠮᠴᠢᠯᠡᠭᠡᠨ᠎ᠦ ᠣᠨᠣᠱᠢᠯᠠᠯᠲᠠ᠎ᠶ᠋ᠢᠨ ᠬᠡᠷᠡᠭ᠌ᠴᠡᠭᠡ᠎ᠶ᠋ᠢ ᠬᠠᠩᠭᠠᠵᠤ᠂ ᠲᠥᠪᠡᠳ ᠡᠮᠨᠡᠯᠭᠡ᠎ᠶ᠋ᠢᠨ ᠡᠪᠡᠳᠴᠢᠨ ᠡᠮᠭᠡᠭ᠎ᠢ ᠭᠤᠷᠪᠠᠨ ᠶᠡᠬᠡ ᠭᠧᠨ᠎ᠦ ᠡᠪᠡᠳᠴᠢᠨ ᠵᠡᠷᠭᠡ 15 ᠶᠡᠬᠡ ᠲᠦᠷᠦᠯ ᠪᠠ ᠨᠢᠶᠸᠫᠠ ᠡᠪᠡᠳᠴᠢᠨ ᠵᠡᠷᠭᠡ 97 ᠨᠠᠷᠢᠨ ᠵᠦᠢᠯ ᠬᠤᠪᠢᠶᠠᠭ᠍ᠰᠠᠨ ᠪᠥᠭᠡᠳ ᠲᠥᠪᠡᠳ ᠡᠮᠨᠡᠯᠭᠡ᠎ᠶ᠋ᠢᠨ ᠡᠪᠡᠳᠴᠢᠨ ᠡᠮᠭᠡᠭ ᠎ᠦᠨ ᠨᠡᠷ᠎ᠡ ᠲᠣᠮᠢᠶ᠎ᠠ ᠬᠢᠭᠡᠳ ᠠᠩᠭᠢᠯᠠᠯ ᠎ᠤᠨ  ᠣᠷᠣᠯᠠᠯ ᠲᠡᠮᠳᠡᠭ᠎ᠢ ᠨᠠᠢᠷᠠᠭᠤᠯᠤᠨ ᠵᠣᠬᠢᠶᠠᠵᠤ᠂ 3000 ᠭᠠᠷᠤᠢ ᠵᠦᠢᠯ ᠎ᠦᠨ ᠡᠪᠡᠳᠴᠢᠨ ᠡᠮᠭᠡᠭ᠎ᠦᠨ ᠣᠷᠣᠯᠠᠬᠤ ᠲᠡᠮᠳᠡᠭ᠂ ᠲᠥᠪᠡᠳ ᠡᠮᠨᠡᠯᠭᠡ᠎ᠶ᠋ᠢᠨ ᠡᠪᠡᠳᠴᠢᠨ ᠡᠮᠭᠡᠭ᠎ᠦᠨ ᠨᠡᠷ᠎ᠡ ᠵᠡᠷᠭᠡ᠎ᠶ᠋ᠢ ᠲᠣᠭ᠍ᠲᠠᠭᠠᠵᠠᠢ》 ᠭᠡᠵᠦ ᠬᠡᠯᠡᠪᠡ᠃

ᠮᠢᠮᠠ᠎ᠶ᠋ᠢᠨ ᠦᠵᠡᠬᠦ᠌᠎ᠪᠡᠷ᠂ 《ᠲᠥᠪᠡᠳ ᠡᠮᠨᠡᠯᠭᠡ᠎ᠶ᠋ᠢᠨ ᠡᠪᠡᠳᠴᠢᠨ ᠡᠮᠭᠡᠭ᠎ᠤ᠋ᠨ ᠠᠩᠭᠢᠯᠠᠯ ᠪᠠ ᠣᠷᠣᠯᠠᠬᠤ ᠲᠡᠮᠳᠡᠭ》 ᠨᠢ ᠲᠥᠪᠡᠳ ᠡᠮ ᠡᠮᠨᠡᠯᠭᠡ᠎ᠶ᠋ᠢᠨ ᠡᠷᠳᠡᠮ ᠱᠢᠨᠵᠢᠯᠡᠭᠡᠨ᠎ᠦ ᠰᠤᠳᠤᠯᠭᠠᠨ᠎ᠢ ᠴᠢᠩᠭᠠᠳᠭᠠᠬᠤ᠂ ᠲᠥᠪᠡᠳ ᠡᠮ ᠡᠮᠨᠡᠯᠭᠡ᠎ᠶ᠋ᠢᠨ ᠳᠡᠯᠡᠬᠡᠢᠴᠢᠯᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠠᠵᠢᠯ ᠲᠥᠷᠥᠯ᠎ᠦᠨ ᠬᠠᠮᠢᠶᠠᠷᠤᠯᠲᠠ᠎ᠶ᠋ᠢ ᠵᠢᠷᠤᠮᠵᠢᠭᠤᠯᠬᠤ᠂ ᠲᠥᠪᠡᠳ ᠡᠮ ᠡᠮᠨᠡᠯᠭᠡ᠎ᠶ᠋ᠢᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠠᠬᠢᠭᠤᠯᠬᠤ᠎ᠳᠤ ᠴᠢᠬᠤᠯᠠ ᠦᠶ᠋ᠯᠡᠳᠦᠯ᠎ᠲᠡᠶ ᠪᠠᠢᠵᠤ᠂ ᠲᠥᠪᠡᠳ ᠡᠮ ᠡᠮᠨᠡᠯᠭᠡ ᠶ᠋ᠢᠨ ᠣᠬᠢ ᠰᠣᠳᠣ᠎ᠶ᠋ᠢ ᠤᠯᠠᠮᠵᠢᠯᠠᠨ ᠵᠠᠯᠭᠠᠮᠵᠢᠯᠠᠭ᠍ᠰᠠᠨ ᠰᠠᠭᠤᠷᠢᠨ ᠳᠡᠭᠡᠷ᠎ᠡ ᠴᠢᠨᠠᠷ ᠰᠠᠢᠲᠠᠶ ᠬᠥᠭ᠌ᠵᠢᠯᠲᠡ᠎ᠶ᠋ᠢ ᠲᠠᠰᠤᠷᠠᠯᠲᠠ ᠥᠬᠡᠶ ᠪᠡᠶᠡᠯᠡᠭᠦᠯᠬᠦ᠌᠎ᠶ᠋ᠢ ᠠᠬᠢᠭᠤᠯᠪᠠ ᠭᠡᠵᠡᠢ᠃ 




    ᠢᠷᠡᠯᠳᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号