ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠵᠢᠨ ᠮᠥᠰᠥᠨ ᠳᠡᠭᠡᠷᠡᠬᠢ ᠯᠤᠸ᠋ᠲᠤ ᠣᠩᠭᠣᠴᠠ ᠵᠢᠨ ᠤᠷᠤᠯᠳᠤᠭᠠᠨ ᠱᠢᠯᠢᠩᠬᠣᠲᠠ᠎ᠳᠤ ᠶᠠᠪᠤᠬᠳᠠᠪᠠ
2026-01-29 11:01:16
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 25᠎ᠤ᠋ ᠡᠳᠦᠷ᠂ ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠵᠢᠨ ᠮᠦᠰᠦᠨ ᠲᠡᠭᠡᠷᠡᠬᠢ ᠯᠤᠸ᠋ᠲᠤ ᠣᠩᠭᠣᠴᠠ᠎ᠶ᠋ᠢᠨ ᠤᠷᠤᠯᠳᠤᠭᠠᠨ ᠱᠢᠯᠢᠩᠬᠣᠲᠠ᠎ᠳᠤ ᠪᠤᠯᠵᠦ᠂ ᠬᠥᠬᠡᠬᠣᠲᠠ᠂ ᠬᠢᠩᠭᠠᠨ ᠠᠢᠮᠠᠭ᠂ ᠤᠯᠠᠭᠠᠨᠬᠠᠳᠠ ᠬᠣᠲᠠ ᠵᠡᠷᠭᠡ 7 ᠠᠢᠮᠠᠭ ᠬᠣᠲᠠ ᠵᠢᠨ ᠲᠦᠯᠦᠭᠡᠯᠡᠭᠴᠢᠳ᠎ᠤᠨ ᠪᠠᠬ᠎ᠤᠨ 100 ᠱᠢᠬᠠᠮ ᠲᠠᠮᠢᠷᠴᠢᠨ ᠤᠷᠤᠯᠳᠤᠭᠠᠨ᠎ᠳᠤ ᠤᠷᠤᠯᠴᠠᠵᠠᠢ᠃

ᠦᠳᠡ ᠵᠢᠨ ᠡᠮᠦᠨᠡᠬᠢ 10 ᠴᠠᠭ᠎ᠲᠦ ᠤᠷᠤᠯᠳᠤᠭᠠᠨ ᠡᠬᠢᠯᠡᠵᠦ᠂ ᠡᠯ᠎ᠠ ᠲᠦᠯᠦᠭᠡᠯᠡᠭᠴᠢᠳ᠎ᠤᠨ ᠪᠠᠭ ᠮᠠᠰᠢ ᠰᠤᠷᠮᠠᠭᠠᠢ ᠤᠷᠤᠯᠳᠤᠭᠠᠨ᠎ᠤ ᠪᠠᠢᠳᠠᠯ᠎ᠳᠤ ᠵᠤᠬᠢᠴᠠᠵᠦ ᠰᠢᠷᠤᠭᠦᠨ ᠦᠷᠢᠰᠦᠯᠳᠦᠪᠡ᠃ ᠲᠤᠰ ᠬᠤᠭᠤᠴᠠᠭᠠᠨ᠎ᠤ ᠤᠷᠤᠯᠳᠤᠭᠠᠨ᠎ᠳᠤ 12 ᠬᠥᠮᠦᠨ᠎ᠦ ᠳᠤᠭᠤᠢᠯᠠᠩ᠂ 5 ᠬᠥᠮᠦᠨ᠎ᠦ ᠳᠤᠭᠤᠢᠯᠠᠩ᠎ᠤᠨ 100 ᠮᠧᠲ᠋ᠷ ᠵᠢᠴᠢ 200 ᠮᠧᠲ᠋ᠷ᠎ᠦᠨ ᠱᠢᠯᠤᠭᠤᠨ ᠵᠠᠮ᠎ᠤᠨ ᠤᠷᠤᠯᠳᠤᠭᠠᠨ᠎ᠢ ᠲᠤᠬᠢᠷᠠᠭᠤᠯᠵᠦ᠂ ᠤᠯᠠᠨ ᠲᠤᠭᠤᠢᠯᠠᠡᠭ ᠢᠯᠭᠠᠯ ᠬᠢᠭᠡᠳ ᠵᠠᠶ᠎ᠶ᠋ᠢᠨ ᠲᠣᠬᠢᠷᠠᠭᠤᠯᠤᠯᠲᠠ ᠨᠢ᠎ᠤᠷᠤᠯᠳᠤᠭᠠᠨ᠎ᠤ ᠬᠡᠷᠡᠭ᠌ᠴᠡᠭᠡ᠎ᠶ᠋ᠢ ᠬᠠᠩᠭᠠᠭ᠍ᠰᠠᠨ ᠮᠥᠷᠲᠡᠭᠡᠨ ᠪᠠᠰᠠ ᠤᠷᠤᠯᠳᠤᠭᠠᠨ᠎ᠢ ᠦᠵᠡᠮᠦᠷᠢ ᠲᠠᠢ ᠪᠤᠯᠭᠠᠪᠠ᠃

《ᠪᠢᠳᠠ ᠠᠩᠬ᠎ᠠ ᠤᠳᠠᠭ᠎ᠠ ᠱᠢᠯᠢ᠎ᠶ᠋ᠢᠨ ᠭᠣᠣᠯ ᠠᠢᠮᠠᠭ᠎ᠲᠤ ᠢᠷᠡᠭᠡᠳ ᠮᠥᠰᠥᠨ ᠳᠡᠭᠡᠷᠡᠬᠢ ᠯᠤᠤᠲᠤ ᠣᠩᠭᠣᠴᠠ᠎ᠶ᠋ᠢᠨ ᠤᠷᠤᠯᠳᠤᠭᠠᠨ᠎ᠳᠤ ᠣᠷᠣᠯᠴᠠᠵᠤ ᠪᠠᠢᠨ᠎ᠠ᠂ ᠥᠴᠥᠭᠡᠳᠦᠷ ᠨᠢᠭᠡ ᠡᠳᠦᠷ ᠪᠣᠯᠪᠠᠰᠤᠷᠠᠭᠠᠳ ᠠᠩᠬ᠎ᠠ ᠠᠯᠬᠤᠮ᠎ᠤᠨ ᠠᠷᠭ᠎ᠠ ᠮᠡᠷᠭᠡᠵᠢᠯ᠎ᠢ ᠡᠵᠡᠮᠱᠢᠯ᠎ᠡ》 ᠭᠡᠵᠦ ᠮᠠᠨᠵᠤᠤᠷ ᠬᠣᠲᠠ᠎ᠶ᠋ᠢᠨ ᠮᠥᠰᠥᠨ ᠳᠡᠭᠡᠷᠡᠬᠢ ᠯᠤᠸ᠋ᠲᠤ ᠣᠩᠭᠣᠴᠠ ᠵᠢᠨ ᠠᠩᠭᠢ᠎ᠶ᠋ᠢᠨ ᠳᠠᠭᠠᠭᠤᠯᠤᠭ᠍ᠴᠢ ᠳ᠋ᠦᠩ ᠽᠸ ᠬᠡᠯᠡᠵᠦ ᠪᠠᠢᠯ᠎ᠠ᠃ ᠲᠤᠰ ᠬᠦᠳᠡᠯᠭᠡᠭᠡᠨ ᠱᠢᠨ᠎ᠡ ᠰᠡᠪᠡᠭᠦᠨ ᠪᠥᠭᠡᠳ ᠥᠷᠢᠰᠥᠯᠳᠦᠭᠡᠨ᠎ᠦ ᠴᠢᠨᠠᠷᠲᠠᠶ ᠪᠠᠢᠵᠤ᠂ ᠪᠡᠶ᠎ᠡ ᠮᠠᠬᠠᠪᠣᠳ᠎ᠢᠶᠠᠨ ᠳᠠᠪᠲᠠᠨ ᠪᠣᠯᠪᠠᠰᠤᠷᠠᠭᠤᠯᠵᠤ᠂ ᠪᠠᠰᠠ ᠪᠦᠯᠬᠦᠮ ᠨᠡᠢᠲᠡ᠎ᠶ᠋ᠢᠨ ᠨᠢᠭ᠍ᠲᠠᠷᠠᠯ᠎ᠤᠨ ᠬᠦᠴᠦᠨ᠎ᠢ ᠴᠢᠩᠭᠠᠳᠬᠠᠳᠠᠭ᠃

ᠰᠤᠷᠭᠠᠭᠴᠢ ᠱᠢᠤᠢ ᠸᠸᠨ ᠵᠢᠶᠧ ᠵᠢᠨ ᠲᠠᠨᠢᠯᠴᠠᠭᠤᠯᠬᠤ᠎ᠪᠡᠷ᠂ ᠤᠷᠤᠯᠳᠤᠭᠠᠨ᠎ᠤ ᠵᠠᠮ᠎ᠢ ᠣᠯᠠᠨ ᠤᠯᠤᠰ᠎ᠤᠨ ᠪᠠᠷᠢᠮᠵᠢᠶ᠎ᠠ᠎ᠪᠠᠷ ᠳᠡᠪᠢᠰᠴᠦ᠍᠂ ᠤᠷᠤᠯᠳᠤᠭᠠᠨ᠎ᠤ ᠡᠷᠬᠡ ᠲᠡᠭ᠌ᠰᠢ ᠲᠥᠪ ᠭᠤᠤᠯᠴᠢ ᠪᠠᠢᠬᠤ᠎ᠶ᠋ᠢ ᠪᠠᠳᠤᠯᠠᠨ᠂ ᠲᠤᠬᠠᠢ᠎ᠶ᠋ᠢᠨ ᠲᠠᠯᠠᠪᠠᠢ᠎ᠳᠤ ᠪᠠᠰᠠ ᠲᠠᠮᠢᠷᠴᠢᠳ᠎ᠤᠨ ᠠᠮᠠᠷᠠᠬᠤ ᠲᠣᠭᠣᠷᠢᠭ᠂ ᠵᠠᠭᠤᠴᠢᠯᠠᠭᠤᠷ᠎ᠤᠨ ᠲᠠᠰᠤᠭ ᠵᠢᠴᠢ ᠡᠮᠴᠢᠯᠡᠭᠡᠨ᠎ᠦ ᠲᠤᠰᠭᠠᠢ ᠲᠣᠭᠣᠷᠢᠭ ᠲᠤᠬᠢᠷᠠᠭᠤᠯᠵᠤ᠂ ᠤᠷᠤᠯᠳᠤᠭᠠᠨ᠎ᠤ ᠤᠷᠤᠭ᠍ᠰᠢᠲᠠᠢ ᠶᠠᠪᠤᠭ᠍ᠳᠠᠬᠤ᠎ᠳᠤ ᠪᠦᠬᠦ᠌ ᠲᠠᠯ᠎ᠠ᠎ᠶ᠋ᠢᠨ ᠪᠠᠲᠤᠯᠠᠭ᠎ᠠ ᠬᠠᠩᠭᠠᠬᠰᠠᠨ ᠪᠠᠢᠨ᠎ᠠ᠃

ᠲᠣᠰ ᠬᠤᠭᠤᠴᠠᠭᠠᠨ᠎ᠤ ᠤᠷᠤᠯᠳᠤᠭᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠭᠤᠤᠯᠯᠠᠨ ᠡᠷᠭᠢᠯᠡᠵᠦ᠍᠂ ᠱᠢᠯᠢ᠎ᠶ᠋ᠢᠨ ᠭᠤᠤᠯ ᠠᠢᠮᠠᠭ ᠳᠠᠭᠠᠭᠠᠴᠢᠯᠠᠨ ᠡᠷᠭᠢᠯᠡᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠᠢᠯᠳᠤᠬᠤ ᠪᠣᠳᠣᠯᠭ᠎ᠠ᠎ᠶ᠋ᠢ ᠡᠷᠴᠢᠮᠲᠡᠢ ᠲᠤᠭᠤᠱᠢᠯᠠᠭᠤᠯᠤᠨ᠂ ᠣᠷᠣᠨ ᠪᠦᠰᠡ᠎ᠶ᠋ᠢᠨ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠠᠭᠤᠳᠠᠯᠵᠤ᠂ ᠪᠥᠬᠥ᠌ ᠣᠷᠣᠨ᠎ᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠤᠨ ᠬᠥᠭ᠌ᠵᠢᠭᠦᠯᠬᠦ᠎ᠶ᠋ᠢ ᠠᠬᠢᠭᠤᠯᠬᠤ᠎ᠪᠠᠷ ᠵᠣᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号