ᠣᠢᠷ᠎ᠠ ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠤᠷᠢᠶᠠᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠪᠠᠢᠴᠠᠭᠠᠬᠤ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠲᠤᠰ ᠲᠤᠰ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠢᠯᠡᠰ ᠪᠦᠲᠦᠭᠡᠯ᠎ᠤᠨ ᠳᠡᠭᠡᠳᠦ ᠰᠤᠷᠭᠠᠭᠤᠯᠢ᠂ ᠤᠯᠠᠭᠠᠨᠴᠠᠪ ᠬᠤᠳᠠ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ᠃
ᠶᠠᠩ ᠽᠥᠩ ᠷᠧᠨ ᠥᠪᠥᠷ ᠮᠣᠩᠭᠣᠯ ᠤᠨ ᠶᠡᠬᠡ ᠰᠤᠷᠭᠠᠭᠤᠯᠢ᠎ᠶᠢᠨ ᠦᠢᠯᠡᠰ ᠪᠦᠲᠦᠭᠡᠯ᠎ᠤᠨ ᠳᠡᠭᠡᠳᠦ ᠰᠤᠷᠭᠠᠭᠤᠯᠢ ᠳᠤ ᠢᠷᠡᠵᠤ᠂ ᠪᠠᠭ᠍ᠰᠢ ᠰᠤᠷᠤᠬ᠍ᠴᠢ ᠺᠠᠳ᠋ᠷᠴᠤᠳ᠎ᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠪᠡ᠃ ᠶᠠᠩ ᠽᠥᠩ ᠷᠧᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠭᠦᠳᠡ ᠬᠤᠷᠠᠯ᠎ᠤᠨ ᠵᠣᠷᠢᠭ᠋ ᠰᠠᠨᠠᠭᠠᠨ᠎ᠤ ᠠᠭᠤᠯᠤᠭᠳᠠᠬᠤᠨ᠎ᠢ ᠰᠢᠰᠲᠧᠮ᠎ᠲᠠᠢ ᠲᠣᠳᠣᠷᠬᠠᠢᠯᠠᠨ ᠲᠠᠢᠯᠪᠤᠷᠢᠯᠠᠬᠤ ᠵᠢᠨ ᠬᠠᠮᠳᠤ᠂ ᠰᠢᠨ᠎ᠡ ᠴᠠᠭ ᠦᠶ᠎ᠡ ᠰᠢᠨ᠎ᠡ ᠠᠶᠠᠨ᠎ᠤ ᠬᠠᠤᠯᠢ ᠪᠡᠷ ᠵᠠᠰᠠᠬᠤ ᠪᠠᠢᠭᠤᠯᠤᠯᠲᠠ᠎ᠶᠢᠨ ᠦᠢᠯᠡᠳᠦᠯᠭᠡ᠎ᠲᠠᠢ ᠤᠶᠠᠯᠳᠤᠭᠤᠯᠵᠤ᠂ ᠪᠠᠭ᠍ᠰᠢ ᠰᠤᠷᠤᠭ᠍ᠴᠢᠳ ᠤᠨ ᠠᠵᠢᠯ ᠰᠤᠷᠤᠯᠴᠠᠯᠭ᠎ᠠ᠎ᠶᠢᠨ ᠪᠣᠳᠠᠲᠠᠢ ᠲᠠᠢ ᠨᠢᠭ᠍ᠲᠠ ᠤᠶᠠᠯᠳᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ ᠬᠥᠭᠵᠢᠯᠲᠡ᠎ᠶᠢᠨ ᠵᠢᠷᠤᠭ ᠲᠥᠰᠥᠪ ᠪᠣᠯᠣᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠠᠢᠯᠪᠤᠷᠢᠯᠠᠵᠤ᠂ ᠤᠯᠠᠨ᠎ᠢᠶᠠᠷ᠎ᠢᠶᠠᠨ ᠠᠯᠤᠰ᠎ᠤᠨ ᠬᠦᠰᠡᠯᠡᠩ ᠢ ᠡᠪᠦᠷᠯᠡᠨ᠂ ᠯᠠᠪᠳᠠᠭᠤᠨ ᠪᠠᠲᠤᠲᠠᠢ ᠠᠵᠢᠯᠯᠠᠵᠤ᠂ ᠴᠥᠬᠥᠷᠡᠰᠢ ᠦᠭᠡᠢ ᠲᠡᠮᠡᠴᠡᠨ᠂ ᠳᠤᠮᠳᠠᠳᠤ ᠤᠯᠤᠰ᠎ᠤᠨ ᠮᠠᠶᠢᠭ᠋ ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠨ ᠴᠢᠳᠠᠯ᠎ᠢᠶᠠᠨ ᠡᠷᠭᠦᠬᠦ᠎ᠶᠢ ᠵᠣᠷᠢᠭ᠍ᠵᠢᠭᠤᠯᠪᠠ᠃
ᠯᠢ ᠶᠦᠩ ᠵᠢᠶᠦ᠋ᠨ ᠤᠯᠠᠭᠠᠨᠴᠠᠪ ᠬᠤᠲᠠ᠎ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠩ ᠫᠠᠨ ᠰᠢᠶᠠᠩ᠎ᠤᠨ ᠡᠯ ᠳ᠋ᠣᠣ ᠭᠧᠦ ᠲᠣᠰᠬᠣᠨ᠎ᠳᠤ ᠬᠦᠷᠴᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠵᠢᠨ ᠲᠤᠭᠤᠷᠢᠨ᠎ᠳᠦ ᠦᠨᠳᠦᠰᠦᠨ ᠱᠠᠲᠤᠨ᠎ᠤ ᠨᠠᠮ ᠤᠨ ᠭᠡᠰᠢᠭᠦᠨ ᠺᠠᠳ᠋ᠷ ᠪᠣᠯᠣᠨ ᠲᠣᠰᠬᠣᠨ ᠤ ᠠᠷᠠᠳ᠎ᠤᠨ ᠲᠥᠯᠥᠭᠡᠯᠡᠭᠴᠢᠳ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠯᠢ ᠶᠦᠩ ᠵᠢᠶᠦ᠋ᠨ᠂ ᠰᠢᠶᠠᠩ ᠲᠣᠰᠬᠣᠨ᠎ᠤ ᠺᠠᠳ᠋ᠷ ᠤᠯᠠᠨ ᠲᠦᠮᠡᠨ ᠪᠦᠬᠦᠳᠡ ᠬᠤᠷᠠᠯ᠎ᠡᠴᠡ ᠲᠣᠭᠲᠠᠭᠠᠭᠰᠠᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ ᠠᠤᠭ᠎ᠠ ᠬᠠᠷᠠᠯᠲᠠ᠎ᠶᠢ ᠪᠠᠲᠦ ᠡᠵᠡᠮᠳᠡᠵᠤ᠂ ᠬᠤᠷᠴᠠ ᠬᠢᠷᠠᠬᠠᠢ ᠠᠵᠢᠯᠯᠠᠵᠤ ᠠᠮᠢᠳᠤᠷᠠᠨ᠂ ᠢᠲᠡᠭᠡᠯ ᠵᠣᠷᠢᠭ᠋ ᠲᠡᠭᠦᠯᠳᠡᠷ᠎ᠢᠶᠡᠷ ᠨᠠᠮ᠎ᠢᠶᠠᠨ ᠲᠠᠭᠠᠵᠥ᠂ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢᠶᠡᠨ ᠴᠢᠩᠭᠠᠳᠬᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠢ ᠪᠡᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠵᠠᠰᠠᠯᠲᠠ᠎ᠶᠢᠨ ᠬᠠᠤᠯᠢ ᠪᠡᠷ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠰᠡᠳᠬᠢᠯ ᠲᠠᠯᠪᠢᠨ ᠵᠥᠷᠢᠴᠡᠯ ᠢ ᠰᠢᠢᠳᠪᠦᠷᠢᠯᠡᠵᠦ᠂ ᠬᠠᠤᠯᠢ ᠶᠣᠰᠣᠭᠠᠷ ᠠᠰᠠᠭᠤᠳᠠᠯ ᠢ ᠰᠢᠢᠳᠪᠦᠷᠢᠯᠡᠵᠦ᠂ ᠠᠮᠤᠷ ᠠᠮᠤᠭᠤᠯᠠᠩ ᠲᠣᠭᠲᠠᠭᠤᠨ ᠢ ᠬᠠᠮᠠᠭᠠᠯᠠᠵᠤ᠂ ᠬᠥᠷᠰᠢ ᠵᠡᠷᠭᠡᠯᠡᠳᠡᠭᠡ ᠡᠶ᠎ᠡ ᠨᠠᠢᠷᠲᠠᠢ᠂ ᠠᠮᠤᠷ ᠵᠢᠮᠤᠷ ᠠᠵᠤ ᠲᠦᠷᠦᠵᠦ᠂ ᠵᠣᠯ ᠵᠢᠷᠭᠠᠯ᠎ᠲᠠᠢ ᠪᠠᠢᠬᠤ ᠵᠢ ᠠᠬᠢᠭᠤᠯᠬᠤ ᠬᠡᠷᠡᠭᠲᠡᠢ ᠭᠡᠵᠦ ᠢᠯᠡᠷᠭᠡᠢᠯᠡᠵᠡᠢ᠃