ᠬᠦᠷᠢᠶ᠎ᠡ ᠬᠠᠰᠢᠶᠠᠨ ᠤ᠋ ᠠᠵᠤ ᠠᠬᠤᠢ ᠵᠢ ᠬᠦᠭᠵᠢᠭᠦᠯᠵᠦ ᠡᠷᠦᠬᠡ ᠳᠤᠮᠳᠠᠴᠢ ᠶ᠋ᠢᠨ ᠤᠷᠤᠯᠭ᠎ᠠ ᠵᠢ 6000 ᠭᠠᠷᠤᠢ ᠲᠦᠭᠦᠷᠢᠭ ᠨᠡᠮᠡᠭᠳᠡᠭᠦᠯᠪᠡ
2026-01-03 12:07:08
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠦᠷ᠎ᠡ ᠪᠦᠲᠦᠮᠵᠢ ᠶ᠋ᠢᠨ ᠲᠤᠬᠠᠢ ᠲᠠᠲᠠᠯᠠᠭ᠎ᠠ ④


ᠤᠯᠠᠭᠠᠠᠬᠠᠳᠠ ᠬᠤᠲᠠ ᠶ᠋ᠢᠨ ᠠᠷᠤ ᠬᠣᠷᠴᠢᠨ ᠬᠣᠱᠢᠭᠤ ᠬᠦᠷᠢᠶ᠎ᠡ ᠬᠠᠰᠢᠶᠠᠨ ᠤ᠋ ᠠᠵᠤ ᠠᠬᠤᠢ ᠵᠢ ᠴᠢᠨᠠᠷ ᠰᠠᠢᠲᠠᠢ ᠬᠦᠭᠵᠢᠭᠦᠯᠬᠦ ᠵᠢ ᠠᠷᠠᠳ ᠢ᠋ ᠪᠠᠶᠠᠵᠢᠭᠤᠯᠵᠤ ᠬᠦᠳᠡᠭᠡ ᠲᠤᠰᠬᠤᠨ ᠢ᠋ ᠬᠦᠴᠦᠷᠬᠡᠭᠵᠢᠭᠦᠯᠬᠦ ᠴᠢᠬᠤᠯᠠ ᠭᠠᠷᠳᠠᠴᠠ ᠪᠤᠯᠭᠠᠨ᠂《ᠬᠤᠰᠢᠭᠤᠨ ᠡᠴᠡ ᠨᠢᠭᠡᠲᠦᠯᠲᠡᠢ ᠲᠦᠯᠦᠪᠵᠢᠭᠦᠯᠬᠦ᠂ ᠰᠤᠮᠤ ᠰᠢᠶᠠᠡᠭ ᠪᠠᠯᠭᠠᠰᠤ ᠡᠴᠡ ᠠᠬᠢᠭᠤᠯᠬᠤ᠂ ᠭᠠᠴᠠᠭ᠎ᠠ ᠲᠤᠰᠬᠤᠨ ᠡᠴᠡ ᠨᠠᠢᠳᠠᠪᠤᠷᠢᠵᠢᠭᠤᠯᠬᠤ 》 ᠭᠤᠷᠪᠠᠨ ᠱᠠᠲᠤ ᠬᠤᠯᠪᠤᠭᠠᠯᠠᠨ ᠬᠦᠳᠡᠯᠦᠯᠴᠡᠬᠦ ᠲᠤᠭᠲᠠᠴᠠ ᠵᠢ ᠬᠡᠷᠡᠭᠵᠢᠭᠦᠯᠵᠦ᠂ 1001 《 ᠠᠷᠤ ᠬᠤᠷᠴᠢᠨ ᠤ᠋ ᠵᠢᠵᠢᠭ ᠬᠦᠷᠢᠶᠡᠯᠡᠡᠭ 》  ᠳ᠋ᠤ ᠲᠦᠰᠢᠭᠯᠡᠨ ᠰᠤᠯᠠ ᠲᠠᠯᠪᠢᠭᠳᠠᠵᠤ ᠪᠠᠢᠭ᠎ᠠ ᠡᠬᠢ ᠪᠠᠶᠠᠯᠢᠭ ᠢ᠋ ᠠᠮᠢᠯᠠᠭᠤᠯᠵᠤ᠂ ᠤᠳᠤᠬᠠᠨ ᠪᠤᠯᠲᠠᠯ᠎ᠠ 2834 ᠮᠠᠯᠵᠢᠬᠤ ᠲᠠᠷᠢᠶᠠᠯᠠᠬᠤ ᠡᠷᠦᠬᠡ ᠶ᠋ᠢᠨ 3700 ᠮᠦ᠍ ᠭᠠᠵᠠᠷ ᠰᠢᠷᠤᠢ ᠵᠢ ᠠᠰᠢᠭᠯᠠᠨ ᠵᠢᠮᠢᠰ ᠤ᠋ᠨ ᠮᠤᠳᠤ ᠢᠳᠡᠰᠢᠨ ᠨᠤᠭᠤᠭ᠎ᠠ ᠲᠠᠷᠢᠬᠤ ᠪᠠ ᠤᠨᠴᠠᠯᠢᠭᠲᠦ ᠲᠡᠵᠢᠭᠡᠨ ᠦᠷᠡᠵᠢᠭᠦᠯᠬᠦ ᠦᠢᠯᠡᠰ ᠢ᠋ ᠬᠦᠭᠵᠢᠭᠦᠯᠵᠤ᠂ ᠮᠠᠯᠴᠢᠨ ᠲᠠᠷᠢᠶᠠᠴᠢᠨ ᠤ᠋ ᠤᠷᠤᠯᠭ᠎ᠠ ᠵᠢ ᠨᠡᠮᠡᠭᠳᠡᠭᠦᠯᠵᠦ ᠪᠠᠢᠨ᠎ᠠ᠃

ᠤᠢᠷ᠎ᠡ ᠶ᠋ᠢᠨ ᠵᠢᠯ ᠳ᠋ᠦ ᠮᠠᠨ ᠤ᠋ ᠤᠷᠤᠨ ᠮᠠᠯᠴᠢᠨ ᠲᠠᠷᠢᠶᠠᠴᠢᠨ ᠢ᠋ ᠬᠥᠲᠥᠯᠥᠨ ᠵᠢᠯᠣᠭᠣᠳᠴᠤ᠌ ᠬᠦᠷᠢᠶ᠎ᠡ ᠬᠠᠱᠢᠶ᠎ᠠ ᠪᠤᠯᠤᠨ ᠭᠡᠷ ᠪᠠᠢᠱᠢᠩ ᠤ᠋ᠨ ᠡᠮᠦᠨ᠎ᠡ ᠬᠤᠢᠨᠠᠬᠢ ᠰᠤᠯᠠ ᠲᠠᠯᠪᠢᠭᠳᠠᠵᠤ ᠪᠠᠢᠭ᠎ᠠ ᠭᠠᠵᠠᠷ ᠢ᠋ ᠠᠰᠢᠭᠯᠠᠯᠲᠠ ᠳ᠋ᠦ ᠤᠷᠤᠭᠤᠯᠤᠨ᠂ ᠡᠯ᠎ᠡ ᠭᠠᠵᠠᠷ ᠤ᠋ᠨ ᠪᠣᠳᠠᠲᠤ ᠪᠠᠢᠳᠠᠯ ᠲᠠᠶ ᠤᠶᠠᠯᠳᠤᠭᠤᠯᠵᠤ᠂ ᠣᠨᠴᠠᠯᠢᠭ᠍ᠲᠤ ᠲᠠᠷᠢᠮᠠᠯ ᠤ᠋ᠨ ᠦᠢᠯᠡᠰ᠂ ᠣᠨᠴᠠᠯᠢᠭ᠍ᠲᠤ ᠲᠡᠵᠢᠭᠡᠨ ᠦᠷᠡᠵᠢᠭᠦᠯᠬᠦ᠌ ᠦᠢᠯᠡᠰ᠂ ᠣᠨᠴᠠᠯᠢᠭ᠍ᠲᠤ ᠰᠡᠯᠡᠭᠦᠴᠡᠯ ᠵᠢᠭᠤᠯᠴᠢᠯᠠᠯ ᠤ᠋ᠨ ᠦᠢᠯᠡᠰ ᠵᠡᠷᠭᠡ ᠪᠡᠷ ᠭᠤᠤᠯ ᠪᠤᠯᠭᠠᠭᠰᠠᠨ ᠬᠦᠷᠢᠶ᠎ᠡ ᠬᠠᠱᠢᠶᠠᠨ ᠤ᠋ ᠠᠵᠤ ᠠᠬᠤᠶ ᠵᠢ ᠢᠳᠡᠪᠬᠢᠳᠠᠢ ᠬᠦᠭᠵᠢᠭᠦᠯᠵᠦ᠂ ᠮᠠᠯᠴᠢᠨ ᠲᠠᠷᠢᠶᠠᠴᠢᠨ ᠤ᠋ ᠣᠷᠣᠯᠭ᠎ᠠ ᠪᠠᠨ ᠨᠡᠮᠡᠭ᠌ᠳᠡᠭᠦᠯᠬᠦ᠌ ᠠᠷᠭ᠎ᠠ ᠵᠠᠮ ᠢ᠋ ᠪᠦᠳᠦᠮᠵᠢᠳᠠᠢ ᠦᠷᠬᠡᠳᠬᠡᠪᠡ᠃

《ᠦᠩᠬᠡᠷᠡᠭᠰᠡᠨ ᠳ᠋ᠤ ᠬᠠᠰᠢᠶᠠᠨ ᠳ᠋ᠠᠭᠠᠨ ᠵᠦᠪᠬᠡᠨ ᠪᠠᠭ᠎ᠠ ᠰᠠᠭ᠎ᠠ ᠡᠷᠳᠡᠨᠢ ᠰᠢᠰᠢ ᠪᠠ ᠢᠳᠡᠰᠢᠨ ᠨᠤᠭᠤᠭ᠎ᠠ ᠲᠠᠷᠢᠵᠤ ᠲᠠᠮᠡᠢ ᠤᠷᠤᠯᠭ᠎ᠠ ᠦᠬᠡᠢ ᠪᠠᠢᠬᠰᠠᠨ᠃ 2025 ᠤᠨ ᠳ᠋ᠤ ᠲᠤᠰᠬᠤᠨ ᠤ᠋ ᠵᠦᠪᠯᠡᠯ ᠤ᠋ᠨ ᠤᠷᠢᠶᠠᠯᠠᠭ᠎ᠠ ᠪᠡᠷ ᠯᠠᠵᠤᠤ ᠲᠠᠷᠢᠭᠠᠳ 3000 ᠭᠠᠷᠤᠢ ᠲᠦᠭᠦᠷᠢᠭ ᠤᠯᠴᠢᠬᠠᠯ᠎ᠠ》ᠭᠡᠵᠦ ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠣᠪᠣᠭ᠎ᠠ ᠰᠤᠮᠤ ᠶ᠋ᠢᠨ ᠳᠠ ᠯᠠᠮᠠ ᠶ᠋ᠢᠨ ᠳᠤᠪᠤ ᠭᠠᠴᠠᠭᠠᠨ ᠤ᠋ ᠲᠠᠷᠢᠶᠠᠴᠢᠨ ᠡᠦ ᠴᠢᠡᠭ ᠮᠢᠡᠭ ᠪᠠᠶᠠᠷᠲᠠᠢ ᠬᠡᠯᠡᠨ᠎ᠡ᠃ ᠣᠪᠣᠭ᠎ᠠ ᠰᠤᠮᠤ《ᠰᠤᠯᠠ ᠲᠠᠯᠪᠢᠭᠳᠠᠵᠤ ᠪᠠᠢᠭ᠎ᠠ ᠭᠠᠵᠠᠷ ᠰᠢᠷᠤᠢ ᠵᠢ ᠠᠮᠢᠯᠠᠭᠤᠯᠵᠤ᠂ ᠤᠯᠠᠨ ᠲᠦᠮᠡᠨ ᠤ᠋ ᠤᠷᠤᠯᠭ᠎ᠠ ᠵᠢ ᠨᠡᠮᠡᠭᠳᠡᠭᠦᠯᠬᠦ》 ᠬᠠᠷᠠᠯᠲᠠ ᠶ᠋ᠢᠨ ᠲᠤᠭᠤᠷᠢᠨ ᠳ᠋ᠦ《ᠲᠤᠰᠬᠠᠢ ᠬᠤᠷᠰᠢᠶ᠎ᠡ + ᠭᠠᠴᠠᠭ᠎ᠠ ᠲᠤᠰᠬᠤᠨ ᠤ᠋ ᠬᠠᠮᠲᠤ ᠨᠡᠢᠲᠡ + ᠭᠠᠴᠠᠭ᠎ᠠ ᠲᠤᠰᠬᠤᠨ ᠤ᠋ ᠠᠷᠠᠳ》 ᠭᠤᠷᠪᠠᠨ ᠲᠠᠯ᠎ᠠ ᠪᠡᠷ ᠶ᠋ᠢᠡᠨ ᠬᠠᠮᠲᠤ ᠪᠡᠷ ᠬᠦᠳᠡᠯᠦᠯᠴᠡᠬᠦ ᠵᠠᠭᠪᠤᠷ ᠢ᠋ ᠬᠡᠷᠡᠭᠵᠢᠭᠦᠯᠵᠦ᠂ ᠲᠤᠰᠬᠠᠢ ᠬᠤᠷᠰᠢᠶ᠎ᠡ ᠡᠴᠡ ᠦᠨ᠎ᠡ ᠲᠦᠯᠦᠪᠦᠷᠢ ᠦᠭᠡᠢ ᠪᠡᠷ ᠦᠷ᠎ᠡ ᠴᠢᠬᠢ ᠬᠠᠡᠭᠭᠠᠬᠤ ᠶ᠋ᠢᠨ ᠬᠠᠮᠲᠤ ᠪᠦᠬᠦ ᠶᠠᠪᠤᠴᠠ ᠶ᠋ᠢᠨ ᠵᠢᠯᠤᠭᠤᠳᠤᠯᠭ᠎ᠠ ᠦᠷᠨᠢᠭᠦᠯᠵᠦ᠂ ᠮᠠᠯᠴᠢᠨ ᠲᠠᠷᠢᠶᠠᠴᠢᠳ ᠤ᠋ᠨ ᠬᠤᠷᠢᠶᠠᠭᠰᠠᠨ ᠯᠠᠵᠤᠤ ᠵᠢ ᠺᠢᠯᠣᠭ᠌ᠷᠠᠮ ᠪᠦᠷᠢ ᠳ᠋ᠤ 5 ᠲᠦᠭᠦᠷᠢᠭ ᠡᠴᠡ ᠳᠡᠭᠡᠭᠰᠢᠬᠢ ᠦᠨ᠎ᠡ ᠪᠡᠷ ᠨᠢᠭᠡᠲᠦᠯᠲᠡᠢ ᠬᠤᠳᠠᠯᠳᠤᠨ ᠠᠪᠴᠤ ᠪᠤᠷᠤᠯᠠᠭᠤᠯᠤᠨ᠂ ᠮᠠᠯᠴᠢᠨ ᠲᠠᠷᠢᠶᠠᠴᠢᠳ ᠤ᠋ᠨ ᠬᠦᠷᠢᠶ᠎ᠡ ᠬᠠᠰᠢᠶᠠᠨ ᠤ᠋ ᠠᠵᠤ ᠠᠬᠤᠢ ᠵᠢ ᠬᠦᠭᠵᠢᠭᠦᠯᠬᠦ ᠡᠷᠡᠭᠡᠯᠵᠡᠯ ᠢ᠋ ᠲᠦᠢᠯᠪᠤᠷᠢᠲᠠᠢ ᠠᠷᠢᠯᠭᠠᠪᠠ᠃

ᠡᠪᠦᠯ ᠤ᠋ᠨ ᠡᠷᠴᠢ ᠴᠢᠡᠭᠭᠠᠷᠠᠵᠤ ᠡᠪᠡᠰᠦ ᠮᠤᠳᠤ ᠬᠤᠪᠠᠬᠠᠢᠷᠠᠬᠰᠠᠨ ᠴᠦ᠍ ᠬᠢᠡᠭᠭᠠᠨ ᠠᠢᠮᠠᠭ ᠤ᠋ᠨ ᠲᠦ᠋ᠴᠢᠦᠸᠠᠨ ᠰᠢᠶᠠᠨ ᠤ᠋ ᠪᠦᠲᠦᠨ ᠪᠤᠯᠠᠭ ᠪᠠᠯᠭᠠᠰᠤ ᠶ᠋ᠢᠨ ᠴᠸᠡᠭ ᠵᠢᠶᠤᠤ ᠲᠤᠰᠬᠤᠨ ᠳ᠋ᠤ 800 ᠭᠠᠷᠤᠢ ᠳᠤᠯᠠᠭᠠᠨ ᠬᠦᠯᠡᠮᠵᠢ ᠵᠢᠭᠳᠡᠷᠠᠨ ᠦᠷᠬᠦᠯᠵᠢᠯᠡᠵᠦ ᠤᠨᠴᠠ ᠵᠢᠨ ᠢᠯᠡ ᠲᠠᠢ ᠮᠦᠷᠳᠡᠬᠡᠨ ᠰᠦᠷ ᠲᠠᠢ ᠬᠠᠷᠠᠭᠳᠠᠨ᠎ᠠ᠃ ᠲᠤᠰᠬᠤᠨ ᠤ᠋ ᠲᠠᠷᠢᠶᠠᠴᠢᠨ ᠰᠢᠨ ᠪᠤᠤ ᠺᠦ ᠶ᠋ᠢᠨ ᠳᠤᠯᠠᠭᠠᠨ ᠬᠦᠯᠡᠮᠵᠢ ᠳ᠋ᠦ ᠰᠢᠨ᠎ᠡ ᠰᠤᠷᠭᠤᠭ ᠢᠳᠡᠰᠢᠨ ᠨᠤᠭᠤᠭ᠎ᠠ ᠶ᠋ᠢᠨ ᠦᠨᠦᠷ ᠰᠡᠡᠭᠬᠢᠨᠡᠨ᠂ ᠲᠤᠡᠭᠬᠤᠤ ᠨᠤᠭᠤᠭ᠎ᠠ ᠬᠦᠭᠡᠷᠡᠨ ᠤᠷᠭᠤᠵᠤ᠂ ᠰᠢᠨ ᠪᠤᠤ ᠺᠦ ᠡᠬᠡᠨᠡᠷ ᠲᠠᠢ ᠪᠠᠨ ᠬᠤᠶᠠᠭᠤᠯᠠ ᠲᠤᠡᠭᠬᠤᠤ ᠨᠤᠭᠤᠭ᠎ᠠ ᠪᠠᠨ ᠲᠡᠭᠦᠬᠦ᠂ ᠰᠠᠯᠭᠠᠬᠤ᠂ ᠬᠠᠢᠷᠴᠠᠭᠯᠠᠬᠤ ᠭᠡᠵᠦ ᠶᠠᠭᠠᠷᠠᠯᠲᠠᠢᠬᠠᠨ ᠠᠵᠢᠯᠯᠠᠵᠤ᠂  ᠬᠡᠳᠦ ᠳᠡᠯᠭᠡᠭᠦᠷ ᠲᠦ᠍ ᠬᠦᠷᠭᠡᠬᠦ ᠪᠡᠷ ᠪᠡᠯᠡᠳᠭᠡᠨ᠎ᠡ᠃

《ᠲᠤᠯᠠᠭᠠᠨ ᠬᠦᠯᠡᠮᠵᠢ ᠳ᠋ᠦ ᠢᠳᠡᠰᠢᠨ ᠨᠤᠭᠤᠭ᠎ᠠ ᠳᠠᠷᠢᠭᠠᠳ 10 ᠭᠠᠷᠤᠶ ᠵᠢᠯ ᠪᠣᠯᠵᠣ ᠪᠠᠢᠨ᠎ᠠ᠂ ᠵᠢᠯ ᠪᠦᠷᠢ ᠡᠯ᠎ᠡ ᠵᠦᠶ᠋ᠯ ᠤ᠋ᠨ ᠨᠣᠭᠣᠭ᠎ᠠ ᠳᠠᠷᠢᠳᠠᠭ᠃ ᠤᠷᠴᠢᠮ ᠤ᠋ᠨ ᠲᠠᠷᠢᠭᠰᠠᠨ ᠲᠤᠡᠭᠬᠤᠤ ᠨᠤᠭᠤᠭ᠎ᠠ ᠨᠢᠭᠡᠨᠲᠡ ᠵᠠᠬ᠎ᠠ ᠳ᠋ᠦ ᠭᠠᠷᠬᠤ ᠪᠤᠯᠵᠤ᠂ ᠵᠢᠡᠭ ᠳ᠋ᠡᠭᠡᠨ 2.5 ᠲᠦᠭᠦᠷᠢᠭ ᠲᠦ᠍ ᠬᠦᠷᠴᠦ᠂ ᠪᠦᠬᠦᠨ ᠢ᠋ ᠤᠢᠷ᠎ᠡ ᠬᠠᠪᠢ ᠶ᠋ᠢᠨ ᠬᠡᠳᠦ ᠳᠡᠯᠭᠡᠭᠦᠷ ᠲᠦ᠍ ᠪᠤᠷᠤᠯᠠᠭᠤᠯᠵᠤ ᠪᠤᠢ᠃ ᠡᠨᠡ ᠨᠢᠭᠡᠯᠭᠡᠨ ᠬᠦᠯᠡᠮᠵᠢ ᠡᠴᠡ ᠪᠠᠨ ᠵᠢᠯ ᠳ᠋ᠤ ᠪᠠᠷᠤᠭ 3 ᠲᠦᠮᠡᠨ ᠲᠦᠭᠦᠷᠢᠭ ᠤ᠋ᠨ ᠤᠷᠤᠯᠭ᠎ᠠ ᠤᠯᠴᠢᠬᠠᠨ᠎ᠠ 》 ᠭᠡᠵᠦ ᠰᠢᠨ ᠪᠤᠤ ᠺᠦ ᠶᠠᠷᠢᠵᠤ ᠪᠠᠢᠯ᠎ᠠ᠃ ᠰᠢᠨ ᠪᠤᠤ ᠺᠦ ᠵᠢᠨ ᠬᠢ ᠡᠴᠡ ᠲᠠᠮᠡᠢ ᠬᠤᠯᠠ ᠦᠬᠡᠢ ᠰᠠᠭᠤᠷᠢᠰᠢᠭ᠎ᠠ ᠲᠣᠰᠭᠣᠨ ᠤ᠋ ᠲᠠᠷᠢᠶᠠᠴᠢᠨ ᠵᠠᠩ ᠱᠢᠶᠤᠤ ᠯᠢ ᠶ᠋ᠢᠨ ᠬᠦᠷᠢᠶ᠎ᠠ ᠬᠠᠰᠢᠶᠠᠨ ᠳ᠋ᠡᠬᠢ 70 ᠭᠠᠷᠤᠢ ᠲᠡᠭ᠌ᠰᠢ ᠳᠥᠷᠪᠡᠯᠵᠢᠨ ᠮᠸᠲᠷ ᠪᠦᠬᠦᠢ ᠳᠤᠯᠠᠭᠠᠨ ᠬᠦᠯᠡᠮᠵᠢ ᠳ᠋ᠦ ᠦᠨᠦᠷᠲᠦ ᠨᠤᠭᠤᠭ᠎ᠠ ᠪᠤᠯᠤᠨ ᠴᠠᠭᠠᠨ ᠨᠤᠭᠤᠭ᠎ᠠ ᠬᠡᠰᠡᠭ ᠬᠡᠰᠡᠭ ᠶ᠋ᠢᠡᠷ ᠬᠦᠭᠡᠷᠡᠨ ᠨᠤᠭᠤᠭᠠᠷᠠᠵᠤ ᠰᠠᠭᠯᠠᠢᠨ ᠤᠷᠭᠤᠨ᠎ᠠ᠃ 《ᠡᠨᠡ ᠬᠡᠰᠡᠭ ᠦᠨᠦᠷᠲᠦ ᠨᠤᠭᠤᠭ᠎ᠠ ᠵᠢ ᠵᠠᠬ᠎ᠠ ᠳ᠋ᠦ ᠭᠠᠷᠭᠠᠭᠠᠳ ᠨᠡᠯᠢᠶᠠᠳ ᠡᠳᠦᠷ ᠪᠤᠯᠵᠤ ᠪᠠᠢᠨ᠎ᠠ᠂ ᠵᠢᠡᠭ ᠳ᠋ᠡᠭᠡᠨ 8 ᠲᠦᠭᠦᠷᠢᠭ ᠲᠦ᠍ ᠬᠦᠷᠴᠦ ᠪᠠᠢᠨ᠎ᠠ᠂ ᠬᠠᠵᠠᠭᠤᠳᠡᠬᠢ ᠴᠠᠭᠠᠨ ᠨᠤᠭᠤᠭ᠎ᠠ ᠵᠢ ᠪᠠᠰᠠ ᠵᠠᠬ᠎ᠠ ᠳ᠋ᠦ ᠭᠠᠷᠭᠠᠬᠤ ᠪᠤᠯᠴᠢᠬᠠᠵᠠᠢ᠃ 2025 ᠤᠨ ᠳ᠋ᠤ ᠲᠤᠰ ᠬᠦᠯᠡᠮᠵᠢ ᠡᠴᠡ 3 ᠲᠦᠮᠡ ᠭᠠᠷᠤᠢ ᠲᠦᠬᠦᠷᠢᠭ ᠤ᠋ᠨ ᠤᠷᠤᠯᠭ᠎ᠠ ᠤᠯᠤᠭᠰᠠᠨ 》 ᠭᠡᠵᠦ ᠵᠠᠡᠭ ᠰᠢᠶᠤᠤ ᠯᠢ ᠬᠡᠯᠡᠨ᠎ᠡ᠃

ᠴᠸᠡᠭ ᠵᠢᠶᠤᠤ ᠲᠤᠰᠬᠤᠨ ᠤ᠋ ᠬᠦᠷᠢᠶ᠎ᠡ ᠬᠠᠰᠢᠶᠠᠨ ᠤ᠋ ᠠᠵᠤ ᠠᠬᠤᠶ ᠶ᠋ᠢᠨ ᠥᠷᠨᠢᠩᠭᠦᠶ ᠬᠥᠭ᠌ᠵᠢᠯᠲᠡ ᠨᠢ ᠲᠦ᠋ᠴᠢᠦᠸᠠᠨ ᠰᠢᠶᠠᠨ ᠤ᠋ ᠬᠦᠷᠢᠶ᠎ᠡ ᠬᠠᠰᠢᠶᠠᠨ ᠤ᠋ ᠠᠵᠤ ᠠᠬᠤᠢ ᠵᠢ ᠪᠦᠬᠦ ᠲᠠᠯ᠎ᠠ ᠪᠡᠷ ᠬᠦᠭᠵᠢᠭᠦᠯᠬᠦ ᠨᠢᠭᠡᠲᠦᠯᠲᠡᠢ ᠲᠦᠯᠦᠪᠵᠢᠭᠦᠯᠭᠡ ᠪᠠ ᠲᠦᠷᠦ ᠶ᠋ᠢᠨ ᠪᠤᠳᠤᠯᠭ᠎ᠠ ᠶ᠋ᠢᠨ ᠳᠡᠮᠵᠢᠯᠭᠡ ᠲᠠᠢ ᠨᠢᠭᠲᠠ ᠬᠤᠯᠪᠤᠭ᠎ᠠ ᠲᠠᠢ ᠶᠤᠮ᠃ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢᠨ ᠨᠡᠮᠡᠭ᠌ᠳᠡᠯ ᠢ᠋ ᠠᠬᠢᠭᠤᠯᠬᠤ ᠶ᠋ᠢᠨ ᠲᠥᠯᠥᠭᠡ᠂ ᠲᠦᠴᠢᠦᠸᠠᠨ ᠱᠢᠶᠠᠨ ᠬᠦᠷᠢᠶ᠎ᠡ ᠬᠠᠱᠢᠶᠠᠨ ᠤ᠋ ᠠᠵᠤ ᠠᠬᠤᠶ ᠵᠢ ᠬᠥᠭ᠌ᠵᠢᠭᠦᠯᠬᠦ᠌ ᠵᠢ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠴᠢᠬᠤᠯᠠ ᠲᠤᠯᠭᠠᠭᠤᠷᠢᠯᠠᠯ ᠪᠤᠯᠭᠠᠨ᠂ ᠢᠳᠡᠰᠢᠨ ᠨᠤᠭᠤᠭ᠎ᠠ ᠶ᠋ᠢᠨ ᠬᠦᠷᠢᠶᠡᠯᠡᠡᠭ᠂ ᠵᠢᠮᠢᠰ ᠤ᠋ᠨ ᠬᠦᠷᠢᠶᠡᠯᠡᠩ᠂ ᠴᠡᠴᠡᠷᠯᠢᠭ ᠤ᠋ᠨ ᠬᠦᠷᠢᠶᠡᠯᠡᠡᠭ᠂ ᠰᠡᠯᠡᠭᠦᠴᠡᠯ ᠵᠢᠭᠤᠯᠴᠢᠯᠠᠯ ᠤ᠋ᠨ ᠬᠦᠷᠢᠶᠡᠯᠡᠡᠭ᠂ ᠦᠨᠳᠦᠰᠦᠲᠡᠨ ᠨᠤᠭᠦᠳ ᠤ᠋ᠨ ᠬᠠᠮᠲᠤ ᠶ᠋ᠢᠨ ᠣᠶᠤᠨ ᠰᠠᠨᠠᠭᠠᠨ ᠤ᠋ ᠬᠦᠷᠢᠶᠡᠯᠡᠡᠭ ᠵᠡᠷᠬᠡ 《ᠲᠠᠪᠤᠨ ᠬᠦᠷᠢᠶᠡᠯᠡᠩ》 ᠢ᠋ ᠬᠠᠮᠲᠤ ᠪᠠᠷ ᠪᠦᠲᠦᠭᠡᠨ ᠪᠠᠢᠭᠤᠯᠬᠤ ᠣᠢᠯᠠᠭᠠᠭ᠍ᠳᠠᠬᠤᠨ ᠢ᠋ ᠪᠠᠷᠢᠮᠳᠠᠯᠠᠵᠤ᠂ ᠣᠷᠣᠨ ᠪᠦᠰᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠲᠡᠭᠵᠢᠭᠦᠯᠬᠦ ᠠᠷᠭ᠎ᠠ ᠬᠡᠯᠪᠡᠷᠢ ᠪᠡᠷ ᠳᠠᠮᠵᠢᠨ ᠪᠦᠬᠦ᠌ ᠱᠢᠶᠠᠨ ᠤ᠋ ᠬᠡᠪᠴᠢᠶᠡᠨ ᠳ᠋ᠦ ᠬᠦᠷᠢᠶ᠎ᠡ ᠬᠠᠰᠢᠶᠠᠨ ᠤ᠋ ᠠᠵᠤ ᠠᠬᠤᠶ ᠵᠢ ᠪᠦᠬᠦ᠌ ᠲᠠᠯ᠎ᠠ ᠪᠠᠷ ᠦᠷᠭᠡᠳᠬᠡᠨ ᠳᠡᠯᠭᠡᠷᠡᠭᠦᠯᠵᠦ᠂ ᠪᠣᠷᠣ ᠰᠠᠷᠢᠮᠰᠠᠭ᠂ ᠬᠢᠲᠠᠳ ᠡᠪᠡᠰᠦᠨ ᠡᠮ᠂ ᠱᠢᠳ᠂ ᠰᠢᠨ᠎ᠡ ᠰᠤᠷᠭᠤᠭ ᠶ᠋ᠢᠡᠷ ᠢᠳᠡᠬᠦ ᠡᠷᠳᠡᠨᠢ ᠱᠢᠰᠢ᠂ ᠬᠦᠢᠲᠡᠨ ᠬᠦᠯᠡᠮᠵᠢ ᠶ᠋ᠢᠨ ᠠᠮᠲᠠᠲᠤ ᠬᠡᠮᠬᠡ ᠵᠡᠷᠭᠡ 19 ᠲᠥᠷᠥᠯ ᠤ᠋ᠨ ᠬᠦᠷᠢᠶ᠎ᠡ ᠬᠠᠰᠢᠶᠠᠨ ᠤ᠋ ᠲᠥᠷᠥᠯ ᠵᠦᠶ᠋ᠯ ᠢ᠋ ᠭᠤᠤᠯᠳᠠᠯᠭ᠎ᠠ ᠲᠠᠢ ᠬᠦᠭᠵᠢᠭᠦᠯᠪᠡ᠃ 2025 ᠤᠨ ᠳ᠋ᠤ ᠲᠦ᠋ᠴᠢᠦᠸᠠᠨ ᠰᠢᠶᠠᠨ ᠲᠦᠷᠦᠭᠦᠦ ᠬᠣᠶᠠᠷ ᠵᠢᠯ ᠤ᠋ᠨ ᠬᠥᠭ᠌ᠵᠢᠯᠲᠡ ᠶ᠋ᠢᠨ ᠰᠠᠭᠤᠷᠢᠨ ᠳᠡᠭᠡᠷ᠎ᠡ ᠪᠠᠨ ᠰᠢᠨ᠎ᠡ ᠪᠡᠷ 150 ᠲᠦᠮᠡᠨ ᠲᠥᠭᠥᠷᠢᠭ ᠤ᠋ᠨ ᠱᠠᠩᠨᠠᠯ ᠨᠥᠬᠥᠪᠥᠷᠢ ᠶ᠋ᠢᠨ ᠪᠡᠯᠡ ᠮᠥᠩᠭᠥ ᠤᠷᠤᠭᠤᠯᠵᠤ᠂ 330 ᠮᠠᠯᠵᠢᠬᠤ ᠲᠠᠷᠢᠶᠠᠯᠠᠬᠤ ᠡᠷᠦᠬᠡ ᠵᠢ ᠳᠠᠢᠴᠢᠯᠠᠨ ᠰᠡᠷᠢᠬᠦᠨ ᠬᠦᠯᠡᠮᠵᠢ ᠲᠠᠷᠢᠭᠤᠯᠵᠤ᠂ 58 ᠮᠠᠯᠵᠢᠬᠤ ᠲᠠᠷᠢᠶᠠᠯᠠᠬᠤ ᠡᠷᠦᠬᠡ ᠵᠢ ᠳᠠᠢᠴᠢᠯᠠᠨ ᠲᠠᠬᠢᠶ᠎ᠡ ᠲᠠᠵᠢᠭᠡᠯᠭᠡᠵᠦ᠂ 3 ᠲᠣᠰᠭᠣᠨ ᠡᠴᠡ 6 ᠲᠣᠰᠭᠣᠨ ᠪᠤᠯᠲᠠᠯ᠎ᠠ ᠦᠷᠭᠡᠳᠭᠡᠨ᠂ ᠤᠳᠤ ᠬᠦᠷᠢᠶ᠎ᠡ ᠬᠠᠱᠢᠶᠠᠨ ᠤ᠋ ᠠᠵᠤ ᠠᠬᠤᠢ ᠵᠢ ᠬᠦᠭᠵᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ 496 ᠳ᠋ᠦ ᠬᠦᠷᠴᠦ᠂ ᠡᠷᠦᠬᠡ ᠳᠤᠮᠳᠠᠴᠢ ᠶ᠋ᠢᠨ ᠣᠷᠣᠯᠭ᠎ᠠ ᠵᠢ 3000 ᠭᠠᠷᠤᠢ ᠲᠥᠭᠥᠷᠢᠭ ᠨᠡᠮᠡᠭᠳᠡᠭᠦᠯᠵᠦ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ᠌ ᠬᠦᠴᠦᠨ ᠢ᠋ ᠪᠦᠲᠦᠮᠵᠢᠲᠡᠶ ᠬᠥᠭ᠌ᠵᠢᠭᠡᠪᠡ᠃

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 2025 ᠤᠨ ᠳ᠋ᠤ ᠮᠠᠨ ᠤ᠋ ᠤᠷᠤᠨ ᠬᠦᠷᠢᠶ᠎ᠡ ᠬᠠᠰᠢᠶᠠᠨ ᠤ᠋ ᠠᠵᠤ ᠠᠬᠤᠢ ᠵᠢ ᠬᠦᠭᠵᠢᠭᠦᠯᠦᠨ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠬᠦ ᠡᠷᠴᠢᠮ ᠶ᠋ᠢᠡᠨ ᠤᠯᠠᠮ ᠴᠢᠡᠭᠭᠠᠷᠠᠭᠤᠯᠵᠤ᠂ ᠨᠡᠢᠲᠡ 4.63 ᠳ᠋ᠦᠩᠱᠢᠭᠤᠷ ᠲᠥᠭᠥᠷᠢᠭ ᠪᠠᠯᠠ ᠮᠥᠩᠭᠥ᠌ ᠣᠷᠣᠭᠤᠯᠤᠨ᠂ 25 ᠲᠦᠮᠡᠨ ᠮᠠᠯᠵᠢᠬᠤ ᠲᠠᠷᠢᠶᠠᠯᠠᠬᠤ ᠡᠷᠦᠬᠡ ᠵᠢᠨ ᠬᠦᠷᠢᠶ᠎ᠡ ᠬᠠᠱᠢᠶ᠎ᠠ ᠳ᠋ᠠᠭᠠᠨ ᠳᠠᠷᠢᠵᠤ ᠲᠡᠵᠢᠭᠡᠬᠦ᠌᠂ ᠰᠡᠯᠡᠭᠦᠴᠡᠨ ᠵᠢᠭᠤᠯᠴᠢᠯᠠᠬᠤ ᠵᠡᠷᠭᠡ ᠣᠨᠴᠠᠯᠢᠭ᠍ᠲᠤ ᠠᠵᠤ ᠦᠶ᠋ᠯᠡᠰ ᠡᠵᠡᠩᠨᠡᠬᠦ ᠵᠢ ᠳᠡᠮᠵᠢᠵᠦ᠍᠂ ᠬᠦᠷᠢᠶ᠎ᠡ ᠬᠠᠱᠢᠶᠠᠨ ᠤ᠋ ᠠᠵᠤ ᠠᠬᠤᠶ ᠶ᠋ᠢᠨ ᠵᠢᠱ᠌ᠢᠶ᠎ᠡ ᠦᠵᠡᠭᠦᠯᠬᠦ᠌ ᠡᠷᠦᠬᠡ ᠵᠢ 2000 ᠪᠤᠢᠵᠢᠭᠤᠯᠪᠠ᠃ ᠪᠠᠰᠠ 《ᠨᠤᠲᠤᠭ ᠤ᠋ᠨ ᠮᠡᠷᠭᠡᠵᠢᠯᠲᠡᠨ》 ᠤ᠋ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠵᠢ ᠵᠣᠬᠢᠶᠠᠨ ᠪᠠᠢᠭᠤᠯᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 110》 ᠶ᠋ᠢᠨ ᠦᠶ᠋ᠯᠡᠳᠦᠯ ᠢ᠋ ᠭᠦᠢᠴᠡᠳ ᠪᠠᠳᠠᠷᠠᠭᠤᠯᠤᠨ᠂ ᠮᠡᠷᠭᠡᠵᠢᠯ ᠤ᠋ᠨ ᠦᠶ᠋ᠯᠡᠴᠢᠯᠡᠭᠡ ᠬᠠᠩᠭᠠᠵᠤ᠂ 1000 ᠬᠥᠳᠡᠭᠡ ᠲᠣᠰᠭᠣᠨ ᠤ᠋ ᠡᠯᠧᠺᠲ᠋ᠷᠣᠨ ᠬᠤᠳᠠᠯᠳᠤᠭᠠᠴᠢᠨ ᠤ᠋ ᠪᠦᠯᠬᠦᠮ ᠪᠤᠯᠤᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ  ᠢ᠋ ᠲᠠᠨᠢᠯᠴᠠᠭᠤᠯᠬᠤ ᠰᠦᠯᠵᠢᠶᠡᠨ ᠤᠳᠤᠨ ᠢ᠋ ᠬᠥᠲᠥᠯᠥᠨ ᠵᠢᠯᠣᠭᠣᠳᠴᠤ᠌ ᠮᠠᠯᠴᠢᠨ ᠲᠠᠷᠢᠶᠠᠴᠢᠳ ᠤ᠋ᠨ ᠬᠦᠷᠢᠶ᠎ᠡ ᠬᠠᠰᠢᠶᠠᠨ ᠤ᠋ ᠪᠦᠲᠦᠭᠡᠭᠳᠡᠭᠦᠨ ᠢ᠋ ᠬᠠᠪᠰᠤᠷᠤᠨ ᠪᠤᠷᠤᠯᠠᠭᠤᠯᠵᠤ᠂ ᠬᠦᠷᠢᠶ᠎ᠡ ᠬᠠᠰᠢᠶᠠᠨ ᠤ᠋ ᠠᠵᠤ ᠠᠬᠤᠢ ᠶ᠋ᠢ ᠬᠦᠭᠵᠢᠬᠦᠯᠵᠤ ᠪᠠᠢᠭ᠎ᠠ ᠮᠠᠯᠴᠢᠨ ᠲᠠᠷᠢᠶᠠᠴᠢᠨ ᠤ᠋ ᠡᠷᠦᠬᠡ ᠪᠦᠷᠢ ᠵᠢᠨ ᠳᠤᠮᠳᠠᠴᠢ ᠤᠷᠤᠯᠭ᠎ᠠ ᠵᠢ 6000 ᠭᠠᠷᠤᠢ ᠲᠦᠭᠦᠷᠢᠭ ᠨᠡᠮᠡᠭᠳᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号