《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ 》 ᠢ᠋ ᠠᠬᠢᠭᠤᠯᠤᠨ ᠬᠡᠷᠡᠭ᠌ᠵᠢᠭᠦᠯᠬᠦ᠌ ᠎ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ
2026-01-30 09:45:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2026 ᠣᠨ᠎ᠤ 1 ᠰᠠᠷ᠎ᠠ᠎ᠶ᠋ᠢᠨ 29  ᠤ᠋ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠡᠴᠡ ᠪᠠᠲᠤᠯᠠᠪᠠ)


ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ 《1571》 ᠠᠵᠢᠯ ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠰᠠᠢᠲᠤᠷ ᠨᠠᠢᠳᠠᠪᠤᠷᠢᠵᠢᠭᠤᠯᠬᠤ᠎ᠶ᠋ᠢᠨ ᠲᠦᠯᠦᠭᠡ᠂ 《ᠠᠷᠠᠳ᠎ᠤᠨ ᠠᠮᠢᠳᠤᠷᠠᠯ ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ ᠎ᠶ᠋ᠢᠨ ᠱᠠᠭᠠᠷᠳᠠᠯᠭ᠎ᠠ ᠶᠣᠰᠣᠭᠠᠷ᠂ ᠪᠣᠳᠠᠳᠤ ᠪᠠᠢᠳᠠᠯ ᠲᠠᠢ᠎ᠤᠶᠠᠯᠳᠤᠭᠤᠯᠤᠨ᠂ ᠳᠤᠤᠷᠠᠬᠢ ᠮᠡᠲᠦ ᠲᠣᠭ᠍ᠲᠠᠭᠠᠯ ᠭᠠᠷᠭᠠᠪᠠ᠃

ᠨᠢᠭᠡ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ ᠳ᠋ᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ᠎ᠪᠠᠷ ᠠᠷᠠᠳ᠎ᠤᠨ ᠠᠮᠢᠳᠤᠷᠠᠯ᠎ᠤᠨ ᠠᠵᠢᠯ᠎ᠢ ᠠᠬᠢᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢ ᠤᠶᠠᠯᠳᠤᠭᠤᠯᠬᠤ ᠎ᠶ᠋ᠢ ᠪᠠᠷᠢᠮᠲᠠᠯᠠᠵᠤ᠂ ᠴᠢᠳᠠᠯ᠎ᠢᠶᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ ᠎ᠪᠡᠷ ᠬᠢᠬᠦ  ᠵᠢ ᠪᠠᠷᠢᠮᠳᠠᠯᠠᠵᠤ᠂ ᠲᠦᠭᠡᠮᠡᠯ ᠬᠠᠷᠠᠭᠠᠯᠵᠠᠯᠳᠤ ᠴᠢᠨᠠᠷ᠂ ᠰᠠᠭᠤᠷᠢ ᠴᠢᠨᠠᠷᠳᠠᠢ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ ᠵᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠱᠢᠶ᠋ᠳᠪᠦᠷᠢᠯᠡᠵᠤ᠂ ᠨᠡᠢᠭᠡᠮ᠎ᠦᠨ ᠪᠠᠲᠤᠯᠠᠭ᠎ᠠ᠎ᠶ᠋ᠢᠨ ᠭᠣᠣᠯᠴᠢ ᠴᠢᠨᠠᠷ᠎ᠢ ᠦᠨᠡᠨ ᠬᠦ᠌ ᠴᠢᠩᠭᠠᠳᠬᠠᠵᠤ᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠡᠩᠴᠡᠭᠦᠷᠢᠲᠦ ᠴᠢᠨᠠᠷ᠎ᠢ ᠳᠡᠭᠡᠭ᠌ᠰᠢᠯᠡᠭᠦᠯᠵᠤ᠂ ᠠᠷᠠᠳ᠎ᠤᠨ ᠠᠮᠢᠳᠤᠷᠠᠯ᠎ᠤᠨ ᠰᠠᠭᠤᠷᠢ ᠦᠢᠯᠡᠴᠢᠯᠡᠭᠡ ᠎ᠶ᠋ᠢᠨ ᠲᠦᠭᠡᠮᠡᠯ ᠬᠠᠷᠠᠭᠠᠯᠵᠠᠯᠳᠤ ᠴᠢᠨᠠᠷ᠎ᠢ ᠥᠷᠭᠡᠳᠭᠡᠵᠤ᠂ ᠣᠯᠠᠨ ᠶᠠᠩᠵᠤᠴᠢᠯᠠᠭ᠍ᠰᠠᠨ ᠨᠡᠢᠭᠡᠮ ᠎ᠦᠨ ᠦᠶ᠋ᠯᠡᠴᠢᠯᠡᠭᠡᠨ᠎ᠦ ᠬᠦᠷᠦᠯᠴᠡᠬᠦᠢᠴᠡ ᠴᠢᠨᠠᠷ᠎ᠢ ᠳᠡᠭᠡᠭ᠌ᠰᠢᠯᠡᠭᠦᠯᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠬᠦ᠌ ᠬᠡᠷᠡᠭ᠌ᠲᠡᠶ᠃

ᠬᠣᠶᠠᠷ᠂ ᠲᠤᠰ ᠲᠣᠭ᠍ᠲᠠᠭᠠᠯ᠎ᠳᠠᠬᠢ《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》ᠭᠡᠳᠡᠭ ᠨᠢ᠄ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠢᠨᠵᠧᠨᠧᠷᠢᠩ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠡᠮᠴᠢᠯᠡᠭᠡ᠎ᠪᠡᠷ ᠰᠡᠷᠭᠡᠢᠯᠡᠨ ᠵᠠᠰᠠᠬᠤ ᠡᠷᠡᠭᠦᠯᠵᠢᠯ᠎ᠦᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠦ ᠢᠨᠵᠧᠨᠧᠷᠢᠩ᠂ ᠦᠨᠳᠦᠰᠦᠨ ᠨᠠᠰᠤᠵᠢᠯ᠎ᠤᠨ ᠦᠢᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠬᠦ᠌ ᠢᠨᠵᠧᠨᠧᠷᠢᠩ᠂ ᠦᠷᠡᠵᠢᠯ ᠎ᠳᠦ ᠨᠥᠬᠥᠷᠰᠡᠭ ᠬᠡᠯᠪᠡᠷᠢ᠎ᠶ᠋ᠢᠨ ᠨᠡᠢᠭᠡᠮ᠎ᠦᠨ ᠪᠦᠳᠦᠭᠡᠨ ᠪᠠᠢᠭᠤᠯᠤᠯᠲᠠ᠎ᠶ᠋ᠢᠨ ᠢᠨᠵᠧᠨᠧᠷᠢᠩ᠂ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ᠌ ᠢᠨᠵᠧᠨᠧᠷᠢᠩ᠂ ᠵᠥᠷᠢᠴᠡᠯ ᠵᠠᠭᠤᠷᠠᠯᠳᠤᠭᠠᠨ᠎ᠢ ᠤᠯᠠᠨ ᠡᠱᠢᠵᠢᠭᠦᠯᠦᠨ ᠱᠢᠢᠳᠪᠦᠷᠢᠯᠡᠬᠦ᠌ ᠢᠨᠵᠧᠨᠧᠷᠢᠩ᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠢᠨᠵᠧᠨᠧᠷᠢᠩ᠂ ᠬᠤᠳᠠ ᠬᠥᠳᠡᠭᠡ᠎ᠶ᠋ᠢᠨ ᠬᠥᠮᠦᠰ᠎ᠦᠨ ᠣᠷᠣᠱᠢᠨ ᠰᠠᠭᠤᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠢᠨᠵᠧᠨᠧᠷᠢᠩ᠎ᠢ ᠵᠢᠭᠠᠵᠤ ᠪᠠᠢᠨ᠎ᠠ᠃

ᠭᠤᠷᠪᠠ᠂ ᠥᠪᠡᠷᠲᠡᠭᠡᠨ ᠵᠠᠰᠠᠬᠤ ᠣᠷᠤᠨ  ᠤ᠋ ᠠᠷᠠᠳ ᠤ᠋ᠨ ᠵᠠᠰᠠᠭ ᠤ᠋ᠨ ᠣᠷᠳᠤᠨ《ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠢᠨᠵᠧᠨᠧᠷᠢᠩ》 ᠢ᠋ ᠠᠷᠠᠳ ᠤ᠋ᠨ ᠠᠮᠢᠳᠤᠷᠠᠯ ᠤ᠋ᠨ ᠦᠢᠯᠡᠰ ᠢ᠋ ᠬᠥᠭ᠌ᠵᠢᠭᠦᠯᠬᠦ᠌᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠬᠦ᠌ ᠭᠣᠣᠯ ᠭᠠᠷᠳᠠᠴᠠ ᠪᠣᠯᠭᠠᠬᠤ᠎ᠶ᠋ᠢ ᠪᠠᠷᠢᠮᠲᠠᠯᠠᠨ᠂ ᠠᠷᠠᠳ ᠤᠯᠠᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠯ ᠪᠦᠷᠢ ᠨᠢᠭᠡ ᠪᠦᠯᠦᠭ ᠭᠣᠣᠯᠳᠠᠯᠭ᠎ᠠ᠎ᠲᠠᠶ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠲᠥᠷᠥᠯ ᠵᠦᠢᠯ ᠢ᠋ ᠬᠡᠷᠡᠭ᠌ᠵᠢᠭᠦᠯᠵᠦ᠍᠂ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠬᠦ᠌᠂ ᠠᠷᠠᠳ ᠤ᠋ᠨ ᠰᠡᠳᠭᠢᠯ ᠢ᠋ ᠳᠤᠯᠠᠭᠠᠴᠠᠭᠤᠯᠬᠤ᠂ ᠠᠷᠠᠳ ᠤ᠋ᠨ ᠰᠠᠨᠠᠭ᠎ᠠ ᠳ᠋ᠤ ᠨᠡᠢᠴᠡᠭᠦᠯᠦᠨ ᠪᠣᠳᠠᠲᠤ ᠶᠠᠪᠤᠳᠠᠯ ᠢ᠋ ᠡᠷᠬᠢᠮᠯᠡᠬᠦ᠌ ᠠᠷᠭ᠎ᠠ ᠬᠡᠮᠵᠢᠶ᠎ᠡ᠂ ᠵᠢᠵᠢᠭ ᠰᠠᠵᠢᠭ ᠵᠦᠢᠯ ᠵᠢᠡᠷ 《ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠢᠨᠵᠧᠨᠧᠷᠢᠩ》 ᠢ᠋ ᠪᠠᠢᠩᠭᠤᠵᠢᠭᠤᠯᠤᠨ ᠠᠬᠢᠭᠤᠯᠵᠤ᠂ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠤ ᠣᠷᠣᠱᠢᠵᠤ ᠪᠠᠢᠭ᠎ᠠ ᠲᠤᠳᠠᠭᠤᠳᠠᠯ ᠪᠠᠭᠤᠷᠠᠢ ᠲᠠᠯ᠎ᠠ ᠵᠢ ᠰᠠᠢᠳᠤᠷ ᠰᠢᠢᠳᠪᠤᠷᠢᠯᠡᠵᠤ᠂ ᠠᠷᠠᠳ ᠲᠦᠮᠡᠨ ᠳ᠋ᠤ ᠪᠤᠳᠠᠳᠠᠢ ᠬᠦᠷᠳᠡᠮᠵᠢ ᠵᠢᠨ ᠲᠦᠷᠦᠭᠳᠡᠯ ᠤᠯᠭᠤᠨ᠎ᠠ᠃

ᠳᠥᠷᠪᠡ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠤ᠋ᠨ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠪᠡᠨ ᠴᠢᠩᠭᠠᠳᠭᠠᠵᠤ᠂ ᠠᠵᠢᠯ᠎ᠤᠨ ᠲᠥᠰᠦᠯ᠎ᠢᠶᠡᠨ ᠬᠦᠷᠢᠶ᠎ᠡ ᠴᠠᠷᠠᠭ᠎ᠠ ᠬᠤᠪᠢᠶᠠᠨ ᠲᠣᠭ᠍ᠲᠠᠭᠠᠵᠤ᠂ ᠲᠦᠷᠦᠭᠦᠯᠡᠨ ᠬᠢᠬᠦ᠌ ᠰᠠᠯᠠᠭ᠎ᠠ ᠮᠥᠴᠢᠷ ᠪᠠ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠨ᠂ ᠨᠢᠭᠡᠳᠦᠯᠲᠡᠶ ᠲᠦᠯᠦᠪᠵᠢᠬᠦᠯᠤᠨ ᠵᠣᠬᠢᠴᠠᠭᠤᠯᠬᠤ ᠪᠠ ᠠᠬᠢᠭᠤᠯᠤᠨ ᠨᠠᠢᠳᠠᠪᠤᠷᠢᠵᠢᠭᠤᠯᠬᠤ ᠠᠵᠢᠯ ᠎ᠤᠨ ᠲᠣᠭ᠍ᠲᠠᠴᠠ᠎ᠶ᠋ᠢ ᠪᠠᠢᠭᠤᠯᠵᠤ᠂ ᠠᠵᠢᠯ ᠎ᠤᠨ ᠲᠣᠬᠢᠷᠠᠭᠤᠯᠤᠯᠲᠠ ᠪᠠ ᠬᠢᠨᠡᠨ ᠵᠢᠯᠣᠭᠣᠳᠭᠤ᠎ᠪᠠᠨ ᠴᠢᠩᠭᠠᠳᠭᠠᠨ᠂ ᠠᠬᠢᠭᠤᠯᠬᠤ ᠶᠠᠪᠤᠴᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠬᠡᠷᠡᠭ᠎ᠦᠨ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠶ᠋ᠢ ᠪᠠᠳᠤᠯᠡᠬᠤ ᠭᠡᠷᠡᠭᠲᠡᠢ᠃

ᠲᠠᠪᠤ᠂ ᠥᠪᠡᠷᠲᠡᠭᠡᠨ ᠵᠠᠰᠠᠬᠤ ᠣᠷᠤ᠋ᠨ᠎ᠤ ᠠᠷᠠᠳ᠎ᠤᠨ ᠵᠠᠰᠠᠭ᠎ᠤᠨ ᠤᠷᠳᠤᠨ ᠠᠷᠠᠳ ᠤ᠋ᠨ ᠠᠮᠢᠳᠤᠷᠠᠯ᠎ᠤᠨ ᠪᠣᠳᠠᠲᠤ ᠶᠠᠪᠤᠳᠠᠯ ᠤ᠋ᠨ ᠲᠥᠷᠥᠯ ᠵᠦᠢᠯ᠎ᠦᠨ ᠪᠡᠯᠡ ᠮᠥᠩᠭᠥ᠎ᠶ᠋ᠢ ᠤᠨ ᠤ᠋ ᠲᠥᠰᠦᠪ᠎ᠲᠡᠬᠡᠨ ᠣᠷᠣᠭᠤᠯᠵᠤ ᠡᠩ ᠲᠡᠷᠢᠭᠦᠨ᠎ᠳᠦ ᠪᠠᠲᠤᠯᠠᠬᠤ ᠭᠡᠷᠡᠭᠲᠡᠢ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠎ᠦᠳ ᠬᠠᠮᠵᠢᠯᠴᠠᠭ᠎ᠠ᠎ᠪᠠᠨ ᠴᠢᠩᠭᠠᠳᠭᠠᠨ᠂ ᠢᠵᠢ ᠲᠦᠬᠦᠷ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠲᠡᠭᠦᠯᠳᠡᠷᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠣᠯᠤᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠢ ᠴᠢᠩᠭᠠᠳᠬᠠᠬᠤ ᠭᠡᠷᠡᠭᠲᠡᠢ᠃

ᠵᠢᠷᠭᠤᠭ᠎ᠠ᠂ ᠠᠷᠠᠳ ᠤ᠋ᠨ ᠠᠮᠢᠳᠤᠷᠠᠯ ᠤ᠋ᠨ ᠪᠤᠳᠠᠳᠤ ᠶᠠᠪᠤᠳᠠᠯ ᠤ᠋ᠨ ᠲᠦᠷᠦᠯ ᠵᠦᠢᠯ ᠢ᠋ ᠴᠤᠬᠯᠠᠭᠤᠯᠬᠤ ᠳ᠋ᠤ ᠪᠦᠬᠦ ᠶᠠᠪᠤᠴᠠ ᠵᠢᠨ ᠠᠷᠠᠳ ᠤ᠋ᠨ ᠠᠷᠠᠳᠴᠢᠯᠠᠯ ᠢ᠋ ᠦᠢᠯᠡᠳᠤᠯᠭᠡᠵᠢᠬᠦᠯᠵᠤ᠂ ᠤᠯᠠᠨ ᠠᠷᠭ᠎ᠠ ᠵᠠᠮ ᠵᠢᠡᠷ ᠠᠷᠠᠳ ᠲᠦᠮᠡᠨ ᠤ᠋ ᠰᠠᠨᠠᠯ ᠪᠠ ᠰᠠᠨᠠᠭᠤᠯᠭ᠎ᠠ ᠵᠢ ᠰᠤᠨᠤᠰᠴᠤ᠂ 《ᠬᠤᠶᠠᠷ ᠲᠦᠯᠦᠭᠡᠯᠡᠭᠴᠢ ᠨᠢᠭᠡ ᠭᠡᠰᠢᠬᠦᠨ》 ᠤ᠋ ᠦᠢᠯᠡᠳᠤᠯ ᠢ᠋ ᠬᠦᠢᠴᠡᠳ ᠪᠠᠳᠠᠷᠠᠭᠤᠯᠵᠤ᠂ ᠦᠷᠭᠡᠨ ᠲᠡᠯᠭᠡᠷ ᠵᠢᠡᠷ ᠠᠷᠠᠳ ᠤ᠋ᠨ ᠰᠠᠨᠠᠯ ᠢ᠋ ᠰᠤᠨᠤᠰᠴᠤ᠂ ᠠᠷᠠᠳ ᠤ᠋ᠨ ᠤᠶᠤᠨ ᠤᠬᠠᠭᠠᠨ ᠢ᠋ ᠬᠤᠷᠠᠮᠳᠤᠭᠤᠯᠬᠤ ᠭᠡᠷᠡᠭᠲᠡᠢ᠃

ᠳᠣᠯᠣᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠡᠭᠦᠷᠭᠡ ᠴᠢᠳᠠᠪᠤᠷᠢ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠵᠢᠯ ᠎ᠤᠨ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠤ᠂ 《ᠠᠷᠠᠳ᠎ᠤᠨ ᠠᠮᠢᠳᠤᠷᠠᠯ ᠎ᠤᠨ ᠠᠷᠪᠠᠨ ᠶᠡᠬᠡ ᠢᠨᠵᠧᠨᠧᠷᠢᠩ》ᠢ᠋ ᠦᠷᠭᠦᠯᠵᠢᠯᠡᠨ ᠯᠠᠪᠳᠠᠭᠤᠨ᠎ᠢᠶᠠᠷ ᠠᠬᠢᠭᠤᠯᠬᠤ᠎ᠶᠢ ᠳᠡᠮᠵᠢᠨ ᠪᠠᠲᠤᠯᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠠᠤᠯᠢ ᠲᠣᠭᠲᠠᠭᠠᠬᠤ᠂ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠢ ᠴᠢᠩᠭᠠᠳᠬᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠦᠨ ᠬᠡᠷᠡᠭᠵᠢᠭᠦᠯᠦᠯᠲᠡ᠎ᠳᠦ ᠮᠥᠷᠳᠡᠨ ᠬᠢᠨᠠᠯᠲᠠ ᠲᠠᠯᠪᠢᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠬᠡᠷᠡᠭᠵᠢᠭᠦᠯᠦᠭᠰᠡᠨ ᠪᠠᠢᠳᠠᠯ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠬᠦ᠎ᠶᠢᠨ ᠬᠠᠮᠲᠤ᠂ ᠬᠠᠨᠤᠮᠵᠢ᠎ᠶᠢᠨ ᠬᠡᠮᠵᠢᠶ᠎ᠡ᠎ᠶᠢ ᠬᠡᠮᠵᠢᠨ ᠲᠣᠭᠲᠠᠭᠠᠬᠤ᠎ᠶᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢ ᠳ᠋ᠤᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠰᠢᠯᠵᠢᠭᠦᠯᠦᠨ ᠲᠤᠰᠢᠶᠠᠵᠤ ᠰᠤᠳᠤᠯᠤᠨ ᠰᠢᠢᠳᠪᠦᠷᠢᠯᠡᠭᠦᠯᠬᠦ ᠬᠡᠷᠡᠭᠳᠡᠢ᠃

ᠨᠠᠢ᠍ᠮᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠪᠠᠢᠭᠤᠯᠭ᠎ᠠ᠂ ᠰᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ᠎ᠨᠤᠭᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠠᠷᠠᠳ ᠎ᠤᠨ ᠠᠮᠢᠳᠤᠷᠠᠯ ᠎ᠤᠨ ᠢᠨᠵᠧᠨᠧᠷᠢᠩ᠎ᠢ ᠬᠡᠷᠡᠭᠵᠢᠭᠦᠯᠬᠦ᠎ᠳᠦ ᠬᠠᠤᠯᠢ ᠎ᠪᠠᠷ ᠵᠠᠰᠠᠬᠤ ᠰᠠᠢᠨ ᠰᠠᠢᠬᠠᠨ ᠣᠷᠴᠢᠨ ᠨᠦᠭᠦᠴᠡᠯ᠎ᠢ ᠪᠣᠶ ᠪᠣᠯᠭᠠᠬᠤ ᠬᠡᠷᠡᠭᠲᠡᠢ᠃ ᠬᠢᠨᠠᠨ ᠪᠠᠢᠴᠠᠭᠠᠬᠤ ᠪᠠᠢᠭᠤᠯᠭ᠎ᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ᠎ᠪᠠᠨ ᠴᠢᠩᠭᠠᠳᠬᠠᠬᠤ ᠬᠡᠷᠡᠭᠲᠡᠢ᠃ ᠠᠷᠠᠳ᠎ᠤᠨ ᠰᠢᠭᠦᠬᠦ ᠬᠣᠷᠢᠶ᠎ᠠ ᠠᠷᠠᠳ᠎ᠤᠨ ᠠᠮᠢᠳᠤᠷᠠᠯ ᠎ᠤᠨ ᠬᠦᠷᠢᠶᠡᠨ᠎ᠳᠦ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠢ ᠰᠢᠭᠦᠨ ᠰᠢᠢᠳᠪᠦᠷᠢᠯᠡᠵᠦ᠂ ᠡᠯ᠎ᠡ ᠲᠦᠷᠦᠯ᠎ᠦᠨ ᠵᠥᠷᠢᠴᠡᠯ ᠵᠠᠭᠤᠷᠠᠯᠳᠤᠭᠠᠨ᠎ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠠᠷᠠᠳ᠎ᠤᠨ ᠪᠠᠢᠴᠠᠭᠠᠬᠤ ᠬᠣᠷᠢᠶ᠎ᠠ 《ᠲᠦᠷᠪᠡᠨ ᠶᠡᠬᠡ ᠪᠠᠢᠴᠠᠭᠠᠯᠲᠠ》 ᠶ᠋ᠢᠨ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠠᠮᠢ ᠪᠡᠶ᠎ᠡ᠎ᠶᠢᠨ ᠠᠰᠢᠭ᠋ ᠲᠤᠰᠠ᠎ᠶᠢ ᠨᠥᠯᠥᠭᠡᠯᠡᠵᠦ ᠪᠠᠢᠭ᠎ᠠ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠬᠤ ᠬᠡᠷᠡᠭᠲᠡᠢ᠃

ᠶᠢᠰᠦ᠂ ᠪᠥᠬᠥ ᠨᠡᠢᠭᠡᠮ᠎ᠢᠶᠡᠷ᠎ᠢᠶᠡᠨ《ᠠᠷᠠᠳ ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠳ᠋ᠤ ᠬᠠᠮᠲᠤ ᠪᠠᠷ ᠣᠷᠣᠯᠴᠠᠬᠤ᠎ᠶᠢ ᠥᠷᠭᠡᠨ᠎ᠢᠶᠡᠷ ᠤᠬᠠᠭᠤᠯᠤᠨ ᠳᠠᠶ᠋ᠢᠴᠢᠯᠠᠵᠤ᠂ ᠵᠠᠬ᠎ᠠ ᠳᠡᠯᠭᠡᠭᠦᠷ ᠪᠠ ᠨᠡᠢᠭᠡᠮ ᠎ᠦᠨ ᠬᠦᠴᠦᠨ᠎ᠦ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠨᠡᠮᠡᠭᠳᠡᠭᠦᠯᠬᠦ᠎ᠶᠢ ᠢᠳᠡᠪᠬᠢᠲᠡᠢ᠎ᠪᠡᠷ ᠵᠣᠷᠢᠭ᠍ᠵᠢᠭᠤᠯᠤᠨ ᠬᠥᠲᠥᠯᠥᠨ ᠵᠢᠯᠤᠭᠣᠳᠴᠤ᠂ ᠣᠯᠠᠨ ᠲᠠᠯ᠎ᠠ᠎ᠶᠢᠨ ᠬᠢᠨ ᠣᠷᠣᠯᠴᠠᠭᠰᠠᠨ᠂ ᠬᠠᠮᠵᠢᠯᠴᠠᠨ ᠠᠬᠢᠭᠤᠯᠤᠭᠰᠠᠨ ᠠᠵᠢᠯ᠎ᠤᠨ ᠪᠠᠢᠷᠢᠰᠢᠯ᠎ᠢ ᠪᠣᠶ ᠪᠣᠯᠭᠠᠬᠤ ᠬᠡᠷᠡᠭᠳᠡᠢ᠃《ᠠᠷᠠᠳ ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠦ᠋ᠨ ᠨᠡᠢᠲᠡᠯᠢᠭ ᠠᠷᠭ᠎ᠠ ᠬᠢᠳᠡᠯ ᠪᠠ ᠰᠢᠨ᠎ᠡ᠎ᠶᠢ ᠡᠭᠦᠳᠬᠦ ᠦᠢᠯᠡᠳᠦᠯᠭᠡ᠎ᠶᠢ ᠶᠡᠬᠡ ᠪᠡᠷ ᠤᠬᠠᠭᠤᠯᠤᠨ ᠳᠡᠯᠭᠡᠷᠡᠭᠦᠯᠵᠦ᠂ ᠶᠠᠷᠢᠶ᠎ᠠ ᠬᠡᠯᠡᠯᠴᠡᠭᠡᠨ᠎ᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠳᠡᠢ᠃

ᠠᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠯ᠎ᠡ ᠠᠢᠮᠠᠭ᠎ᠤᠨ ᠠᠵᠢᠯ᠎ᠤᠨ ᠬᠣᠷᠢᠶ᠎ᠠ ᠪᠣᠯᠣᠨ ᠲᠣᠭᠣᠷᠢᠭ᠋᠎ᠪᠠᠢᠭᠤᠯᠤᠭᠰᠠᠨ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》ᠠᠵᠢᠯ ᠎ᠤᠨ ᠪᠠᠢᠷᠢᠯᠠᠭᠤᠯᠤᠯᠲᠠ ᠵᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ《ᠠᠷᠠᠳ ᠎ᠤᠨ ᠠᠮᠢᠳᠤᠷᠠᠯ ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭᠵᠢᠭᠦᠯᠬᠦ ᠵᠢ ᠠᠬᠢᠭᠤᠯᠬᠤ ᠬᠡᠷᠡᠭᠳᠡᠢ᠃

ᠲᠤᠰ ᠲᠣᠭᠲᠠᠭᠠᠯ᠎ᠢ ᠨᠡᠢᠲᠡᠯᠡᠭᠰᠡᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号