ᠡᠳᠡᠭᠡᠷ ᠬᠣᠣᠷᠲᠤ᠌ ᠵᠠᠰᠠᠯ ᠵᠢᠮᠰᠡᠭ᠎ᠢ ᠶᠠᠭᠠᠬᠢᠭᠰᠠᠨ ᠴᠤ᠌ ᠪᠤᠤ ᠠᠪᠤᠭᠠᠷᠠᠢ
2026-01-30 10:52:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠪᠡᠭᠡᠵᠢᠩ ᠶᠡᠬᠡ ᠰᠤᠷᠭᠠᠭᠤᠯᠢ ᠎ᠶᠢᠨ ᠠᠷᠠᠳ ᠎ᠤᠨ ᠡᠮᠨᠡᠯᠭᠡ᠎ᠶᠢᠨ ᠬᠣᠷᠢᠶᠠᠨ ᠎ᠤ ᠠᠷᠠᠰᠤᠨ᠎ᠤ ᠰᠠᠯᠠᠭ᠎ᠠ ᠵᠢᠨ ᠬᠢᠨ ᠬᠡᠳᠦᠨ ᠡᠪᠡᠳᠴᠢᠲᠡᠨ ᠎ᠢ ᠭᠥᠯᠢᠶᠡᠨ ᠠᠪᠴᠤ᠌ ᠡᠮᠴᠢᠯᠡᠪᠡ᠂ ᠡᠳᠡᠭᠡᠷ ᠡᠪᠡᠳᠴᠢᠲᠡᠨ ᠣᠷᠳᠣ ᠬᠤᠭᠤᠴᠠᠭ᠎ᠠ᠎ᠪᠠᠷ ᠬᠠᠶ᠋ᠢᠯᠤᠰᠢ᠎ᠶᠢᠨ ᠵᠠᠰᠠᠯ ᠵᠢᠮᠰᠡᠭ ᠵᠡᠭᠦᠭᠰᠡᠨ᠎ᠠᠴᠠ ᠪᠣᠯᠵᠣ ᠠᠷᠠᠰᠤ ᠨᠢ ᠤᠯᠠᠶ᠋ᠢᠵᠤ ᠬᠠᠪᠤᠳᠬᠤ᠂ ᠵᠠᠭᠠᠲᠤᠨᠠᠬᠤ᠂ ᠠᠷᠠᠰᠤ ᠱᠠᠭᠠᠷᠠᠬᠤ ᠵᠡᠷᠭᠡ ᠬᠠᠷᠰᠢᠮᠠᠲᠠᠭᠠᠶ ᠦᠷᠪᠢᠰᠦᠯ᠎ᠤᠨ ᠲᠤᠰᠬᠠᠯ ᠭᠠᠷᠤᠬᠰᠠᠨ ᠵᠢᠨᠷ 《ᠵᠠᠰᠠᠯ ᠵᠢᠮᠰᠡᠭ᠎ᠤᠨ ᠴᠢᠨᠠᠷᠲᠠᠶ ᠠᠷᠠᠰᠤᠨ ᠦᠷᠪᠢᠰᠦᠯ》 ᠭᠡᠵᠦ᠍ ᠣᠨᠣᠰᠢᠯᠠᠨ ᠲᠤᠳᠤᠯᠠᠪᠠ᠃

ᠠᠵᠢᠯ ᠲᠥᠷᠥᠯ ᠎ᠤᠨ ᠪᠠᠷᠢᠮᠵᠢᠶ᠎ᠠ᠎ᠳᠤ ᠠᠯᠲᠠ ᠮᠥᠩᠭᠥ᠎ᠪᠠᠷ ᠪᠤᠯᠬᠠᠵᠤ ᠥᠩᠭᠡᠯᠡᠬᠦ᠎ᠳ᠋ᠤ ᠠᠯᠲᠠ ᠮᠥᠩᠭᠥᠨ᠎ᠤ ᠪᠦᠷᠬᠦᠴᠡ ᠵᠢᠨ  ᠳᠠᠪᠬᠤᠷᠭ᠎ᠠ᠎ᠶᠢᠨ ᠨᠢᠮᠬᠡᠨ ᠵᠤᠵᠠᠭᠠᠨ᠎ᠳᠤ ᠲᠣᠳᠣᠷᠬᠠᠶ ᠱᠠᠭᠠᠷᠳᠠᠯᠭ᠎ᠠ᠎ᠲᠠᠢ ᠪᠠᠶ᠋ᠢᠳᠠᠭ᠃ ᠠᠯᠲᠠᠨ᠎ᠤ ᠪᠦᠷᠬᠦᠴᠡ᠎ᠶᠢᠨ ᠳᠠᠪᠬᠤᠷᠭ᠎ᠠ᠎ᠶᠢᠨ ᠵᠤᠵᠠᠭᠠᠨ᠎ᠨᠢ 0.5 ᠮᠢᠺᠷᠤᠮᠸᠲᠷ᠎ᠠᠴᠠ ᠳᠡᠭᠡᠭᠰᠢᠬᠢ ᠳᠠᠪᠬᠤᠷᠭ᠎ᠠ ᠲᠠᠢ ᠵᠠᠰᠠᠯ ᠵᠢᠮᠰᠡᠭ ᠢ᠋ ᠠᠯᠲᠠ᠎ᠪᠠᠷ ᠥᠩᠭᠡᠯᠡᠭᠰᠡᠨ ᠵᠠᠰᠠᠯ ᠵᠢᠮᠰᠡᠭ ᠭᠡᠵᠦ᠍᠂ ᠮᠥᠩᠭᠥᠨ ᠎ᠤ ᠪᠦᠷᠬᠦᠴᠡ᠎ᠶᠢᠨ ᠳᠠᠪᠬᠤᠷᠭ᠎ᠠ᠎ᠶᠢᠨ ᠵᠤᠵᠠᠭᠠᠨ᠎ᠨᠢ 2 ᠮᠢᠺᠷᠤᠮᠸᠲᠷ ᠵᠢᠴᠢ 2 ᠮᠢᠺᠷᠤᠮᠸᠲᠷ ᠎ᠠᠴᠠ ᠳᠡᠭᠡᠭᠰᠢᠬᠢ ᠳᠠᠪᠬᠤᠷᠭ᠎ᠠ ᠲᠠᠢ ᠵᠠᠰᠠᠯ ᠵᠢᠮᠰᠡᠭ ᠢ᠋ ᠮᠥᠩᠭᠥ᠎ᠪᠠᠷ ᠥᠩᠭᠡᠯᠡᠭᠰᠡᠨ ᠵᠠᠰᠠᠯ ᠵᠢᠮᠰᠡᠭ ᠭᠡᠵᠦ᠍ ᠬᠡᠯᠡᠵᠦ᠍ ᠪᠣᠯᠤᠨ᠎ᠠ᠃ ᠰᠢᠯᠭᠠᠨ ᠪᠠᠶ᠋ᠢᠴᠠᠭᠠᠯᠲᠠ᠎ᠳᠤ ᠢᠯᠡᠷᠡᠭᠦᠯᠦᠭᠰᠡᠨ᠎ᠢᠶᠠᠷ᠂ ᠡᠳᠡᠭᠡᠷ ᠵᠠᠰᠠᠯ ᠵᠢᠮᠰᠡᠭ᠎ᠤᠨ ᠡᠳ᠋᠎ᠤᠨ ᠭᠤᠤᠯ ᠪᠦᠷᠢᠯᠳᠦᠬᠦᠨ᠎ᠨᠢ ᠵᠡᠰ᠂ ᠴᠠᠶ᠋ᠢᠷ᠂ ᠨᠢᠺᠤᠯ ᠵᠡᠷᠭᠡ ᠬᠠᠶ᠋ᠢᠯᠤᠰᠢ ᠡᠯᠧᠮᠧᠨ᠋ᠲ ᠪᠣᠯᠤᠨ᠎ᠠ᠃ ᠡᠬᠦᠨ᠎ᠳᠤ ᠥᠮᠡᠨ ᠡᠭᠦᠰᠭᠡᠬᠦ᠌ ᠨᠢᠭᠡᠳᠦᠭᠡᠷ ᠳᠡᠰ᠎ᠤᠨ ᠪᠣᠳᠠᠰ ᠨᠢ ᠪᠠᠷᠢᠮᠵᠢᠶ᠎ᠠ᠎ᠠᠴᠠ ᠮᠢᠩᠭᠠᠨ ᠳᠠᠬᠢᠨ ᠭᠡᠳᠦᠷᠡᠵᠠᠢ᠃

ᠦᠨᠡᠨ ᠎ᠢ ᠬᠡᠯᠡᠪᠡᠯ᠂ ᠡᠳᠡᠭᠡᠷ ᠤᠶ᠋ᠢᠯᠡᠳᠭᠦᠨ᠎ᠨᠢ ᠠᠷᠠᠯᠵᠢᠶᠠᠴᠢᠨ᠎ᠤ ᠬᠡᠯᠡᠳᠡᠭ 《ᠠᠯᠲᠠ᠎ᠪᠠᠷ ᠥᠩᠭᠡᠯᠡᠭᠰᠡᠨ ᠮᠥᠩᠭᠥ᠎ᠪᠠᠷ ᠥᠩᠭᠡᠯᠡᠭᠰᠡᠨ ᠵᠠᠰᠠᠯ ᠵᠢᠮᠰᠡᠭ》 ᠪᠢᠰᠢ᠂ ᠬᠠᠷᠢᠨ ᠡᠩ᠎ᠤᠨ ᠬᠠᠶ᠋ᠢᠯᠤᠰᠢ ᠵᠢᠨ ᠵᠠᠰᠠᠯ ᠵᠢᠮᠰᠡᠭ ᠭᠡᠵᠦ᠍ ᠬᠡᠯᠡᠪᠡᠯ ᠵᠣᠬᠢᠨ᠎ᠠ᠃ ᠰᠢᠯᠭᠠᠨ ᠪᠠᠶ᠋ᠢᠴᠠᠭᠠᠯᠲᠠ᠎ᠪᠠᠷ ᠳᠡᠮᠵᠢᠨ ᠲᠣᠰ ᠤᠶ᠋ᠢᠯᠡᠳᠬᠦᠨ ᠎ᠤ ᠥᠩᠭᠡᠨ ᠲᠠᠯ᠎ᠠ᠎ᠶᠢᠨ ᠭᠤᠤᠯ ᠪᠦᠷᠢᠯᠳᠦᠬᠦᠨ ᠡᠯᠧᠮᠧᠨ᠋ᠲ᠎ᠨᠢ 《ᠮᠥᠩᠭᠥ᠌》 ᠲᠠᠢ ᠥᠴᠦᠬᠡᠨ ᠴᠦ᠍ ᠬᠠᠷᠢᠴᠠᠭ᠎ᠠ ᠥᠬᠡᠶ ᠪᠠᠶ᠋ᠢᠬᠤ ᠮᠦᠷᠳᠡᠭᠡᠨ ᠪᠠᠰᠠ ᠥᠮᠡᠨ ᠡᠭᠦᠰᠭᠡᠬᠦ᠌ ᠨᠢᠭᠡᠳᠦᠭᠡᠷ ᠳᠡᠰ᠎ᠤᠨ ᠪᠣᠳᠠᠰ ᠪᠤᠯᠬᠤ ᠺᠠᠳ᠋ᠮᠢ ᠵᠢᠨ ᠡᠯᠧᠮᠧᠨ᠋ᠲ᠎ᠤᠨ ᠠᠭᠤᠯᠤᠭᠳᠠᠴᠠ᠎ᠨᠢ 9000 ᠭᠠᠷᠤᠶ ᠳᠠᠬᠢᠨ ᠬᠡᠲᠦᠷᠡᠭᠰᠡᠨ ᠎ᠢ ᠣᠯᠵᠤ ᠮᠡᠳᠡᠵᠡᠶ᠃ ᠲᠤᠰᠬᠠᠶ ᠮᠡᠷᠭᠡᠵᠢᠯᠲᠡᠨ ᠡᠴᠡ ᠠᠯᠲᠠ᠎ᠪᠠᠷ ᠥᠩᠭᠡᠯᠡᠭᠰᠡᠨ ᠪᠠ ᠮᠥᠩᠭᠥ᠎ᠪᠠᠷ ᠥᠩᠭᠡᠯᠡᠭᠰᠡᠨ ᠵᠠᠰᠠᠯ ᠵᠢᠮᠰᠠᠭ᠌ ᠎ᠤᠨ ᠡᠳ᠋ ᠢ᠋ ᠣᠷᠳᠣ ᠬᠤᠭᠤᠴᠠᠭ᠎ᠠ ᠵᠡᠭᠦᠪᠡᠯ ᠡᠯᠡᠭᠳᠡᠭᠰᠡᠨ ᠡᠴᠡ ᠪᠤᠯᠵᠤ᠂ ᠳᠣᠲᠣᠷ᠎ᠠ ᠳᠠᠪᠬᠤᠷᠭ᠎ᠠ᠎ᠶᠢᠨ ᠬᠠᠶ᠋ᠢᠯᠤᠰᠢ᠎ᠶᠢᠨ ᠮᠠᠲ᠋ᠧᠷᠢᠶᠠᠯ᠎ᠨᠢ  ᠡᠭᠦᠨ᠎ᠤ ᠤᠯᠠᠮ᠎ᠠᠴᠠ ᠡᠷᠡᠭᠦᠯ ᠮᠡᠨᠳᠦ᠎ᠶᠢᠨ ᠳᠠᠯᠳᠠ ᠬᠡᠮ᠎ᠢ ᠪᠣᠶ ᠪᠣᠯᠭᠠᠵᠤ ᠮᠡᠳᠡᠨ᠎ᠡ᠃ ᠬᠡᠷᠡᠭᠯᠡᠭᠴᠢᠳ ᠬᠢᠮᠳᠠ ᠦᠨ᠎ᠡ᠎ᠲᠠᠢ ᠵᠠᠰᠠᠯ ᠵᠢᠮᠰᠡᠭ᠎ᠢ ᠰᠣᠩᠭᠣᠬᠤ᠎ᠳᠠᠭᠠᠨ ᠮᠠᠲ᠋ᠧᠷᠢᠶᠠᠯ ᠳ᠋ᠠᠭᠠᠨ ᠬᠠᠭᠤᠷᠮᠠᠭ ᠲᠡᠮᠳᠡᠭ ᠬᠠᠳᠠᠬᠰᠠᠨ ᠪᠠ ᠬᠦᠨᠳᠦ ᠲᠡᠮᠦᠷᠯᠢᠭ ᠎ᠤᠨ ᠪᠠᠷᠢᠮᠵᠢᠶ᠎ᠠ᠎ᠠᠴᠠ ᠬᠡᠲᠦᠷᠡᠭᠰᠡᠨ ᠪᠠᠢᠬᠤ ᠡᠰᠡᠬᠦ ᠵᠢ ᠠᠩᠬᠠᠷᠴᠤ᠂ ᠵᠠᠰᠠᠯ ᠵᠢᠮᠰᠡᠭ ᠎ᠤᠨ ᠳᠠᠯᠳᠠ ᠲᠦᠭᠰᠢᠭᠦᠷᠢ ᠎ᠶᠢ ᠬᠢᠴᠢᠶᠡᠬᠦ᠌ ᠬᠡᠷᠡᠭᠲᠡᠶ ᠭᠡᠵᠦ᠍ ᠰᠠᠨᠠᠭᠤᠯᠤᠭᠰᠠᠠ ᠪᠠᠶ᠋ᠢᠨ᠎ᠠ᠃

《ᠠᠷᠠᠳ᠎ᠤᠨ ᠰᠦᠯᠵᠢᠶ᠎ᠠ》ᠡᠴᠨ ᠨᠠᠢᠷᠠᠭᠤᠯᠤᠨ ᠠᠪᠤᠪᠠ





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号