ᠹᠦ᠋ ᠯᠢᠩ ᠶᠠᠨ ᠲᠥᠯᠥᠭᠡᠯᠡᠭ᠌ᠴᠢ᠄ ᠠᠷᠠᠳ᠎ᠤᠨ ᠰᠠᠨᠠᠯ᠎ᠢ ᠰᠣᠨᠣᠰᠴᠤ᠌ ᠠᠷᠠᠳ᠎ᠤᠨ ᠰᠠᠨᠠᠭ᠎ᠠ᠎ᠵᠢ ᠤᠢᠯᠠᠭᠠᠵᠤ ᠬᠥᠳᠡᠯᠮᠦᠷᠢᠴᠢᠳ᠎ᠦᠨ ᠡᠷᠬᠡ ᠠᠱᠢᠭ᠎ᠢ ᠬᠠᠮᠠᠭᠠᠯᠠᠨ᠎ᠠ
2026-01-30 09:42:57
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

ᠠᠵᠤ ᠠᠬᠤᠢᠯᠠᠯ᠂ ᠨᠡᠢᠭᠡᠮ ᠲᠣᠭᠣᠷᠢᠭ᠎ᠢᠶᠠᠷ ᠲᠣᠭᠣᠷᠢᠨ ᠦᠵᠡᠵᠦ᠍᠂ ᠰᠠᠨᠠᠭᠤᠯᠭ᠎ᠠ᠎ᠶ᠋ᠢᠨ ᠰᠠᠨᠠᠯ ᠵᠥᠪᠯᠡᠯᠭᠡ᠎ᠪᠡᠨ ᠲᠡᠭᠦᠯᠳᠡᠷᠵᠢᠭᠦᠯᠵᠦ᠍᠂ ᠶᠠᠷᠢᠶᠠᠨ᠎ᠤ ᠬᠥᠲᠥᠯᠪᠦᠷᠢ᠎ᠪᠡᠨ ᠲᠤᠭᠤᠷᠪᠢᠨ ᠪᠢᠴᠢᠨ᠎ᠠ ᠁ ᠤᠢ᠍ᠢᠷ᠎ᠠ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ ᠬᠤᠳᠠ᠎ᠶ᠋ᠢᠨ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠲᠥᠪ᠎ᠦᠨ ᠠᠵᠤ ᠠᠬᠤᠢᠯᠠᠯ᠎ᠤᠨ ᠦᠢᠯᠡᠴᠢᠯᠡᠭᠡᠨ᠎ᠦ ᠰᠠᠯᠠᠭᠠᠨ᠎ᠤ ᠳᠠᠷᠤᠭ᠎ᠠ ᠹᠦ᠋ ᠯᠢᠩ ᠶᠠᠨ᠎ᠤ ᠡᠳᠦᠷ ᠲᠤᠳᠤᠮ᠎ᠤᠨ ᠠᠵᠢᠯ᠎ᠤᠨ ᠲᠤᠬᠢᠷᠠᠭᠤᠯᠤᠯᠲᠠ ᠮᠠᠰᠢ ᠤᠯᠠᠨ ᠪᠠᠢᠵᠤ᠂ ᠴᠠᠭ ᠨᠢ ᠬᠦᠷᠦᠯᠴᠡᠬᠦ᠌ ᠦᠭᠡᠢ ᠪᠠᠢᠬᠤ ᠰᠢᠬ ᠪᠤᠳᠤᠭᠳᠠᠳᠠᠭ᠃

《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯ ᠤᠯᠠᠨ ᠲᠦᠮᠡᠨ᠎ᠦ 〈ᠣᠷᠣᠯᠠᠨ ᠥᠭᠦᠯᠡᠭ᠌ᠴᠢ〉᠂ 〈ᠰᠡᠳᠭᠢᠯ᠎ᠢ ᠮᠡᠳᠡᠭ᠌ᠴᠢ〉 ᠮᠥᠨ᠂ ᠤᠯᠠᠨ ᠲᠦᠮᠡᠨ᠎ᠲᠡᠶ ᠣᠢᠷᠠᠳᠴᠤ᠌᠂ ᠠᠷᠠᠳ᠎ᠤᠨ ᠰᠠᠨᠠᠯ᠎ᠢ ᠰᠣᠨᠣᠰᠴᠤ᠌᠂ ᠠᠷᠠᠳ᠎ᠤᠨ ᠰᠠᠨᠠᠭ᠎ᠠ᠎ᠶ᠋ᠢ ᠣᠢᠯᠠᠭᠠᠵᠤ᠂ ᠪᠣᠳᠠᠲᠠᠢ᠎ᠶ᠋ᠢ ᠡᠷᠬᠢᠮᠯᠡᠭ᠌ᠰᠡᠨ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠲᠤᠰᠠᠲᠠᠢ ᠠᠷᠭ᠎ᠠ ᠪᠤᠳᠤᠯᠭ᠎ᠠ᠎ᠶ᠋ᠢ ᠢᠯᠡᠭᠦᠬᠡᠨ ᠳᠡᠪᠱᠢᠭᠦᠯᠪᠡᠯ ᠵᠣᠬᠢᠨ᠎ᠠ》᠃ ᠹᠦ᠋ ᠯᠢᠩ ᠶᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ᠎ᠡᠴᠡ ᠨᠠᠭᠠᠰᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠬᠥᠳᠡᠯᠮᠦᠷᠢᠴᠢᠳ᠎ᠦᠨ ᠡᠷᠬᠡ ᠠᠱᠢᠭ᠎ᠢ ᠪᠠᠲᠤᠯᠠᠬᠤ ᠡᠨᠡ ᠬᠦ᠌ ᠠᠷᠠᠳ᠎ᠤᠨ ᠠᠮᠢᠳᠤᠷᠠᠯ᠎ᠤᠨ ᠵᠥᠪᠯᠡᠬᠦ᠌ ᠵᠦᠢᠯ᠎ᠢ ᠢᠮᠠᠭ᠍ᠲᠠ ᠠᠩᠬᠠᠷᠴᠤ᠌᠂ ᠦᠨᠳᠦᠰᠦᠨ ᠱᠠᠲᠤᠨ᠎ᠳᠤ ᠭᠦᠨᠵᠡᠭᠡᠢᠷᠡᠨ ᠶᠡᠬᠡ ᠬᠡᠮᠵᠢᠶᠡᠨ᠎ᠦ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ ᠲᠠᠢ᠎ᠪᠡᠷ ᠱᠢᠢᠳᠪᠦᠷᠢᠯᠡᠪᠡ᠃

ᠥᠩᠭᠡᠷᠡᠭ᠌ᠰᠡᠨ ᠨᠢᠭᠡ ᠵᠢᠯ᠎ᠳᠦ᠂ ᠹᠦ᠋ ᠯᠢᠩ ᠶᠠᠨ ᠬᠥᠳᠡᠯᠮᠦᠷᠢᠴᠢᠳ᠎ᠦᠨ ᠡᠷᠬᠡ ᠠᠱᠢᠭ᠎ᠤᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠷᠢᠳ ᠬᠣᠵᠢᠳ 78 ᠭᠣᠣᠯᠳᠠᠯᠭ᠎ᠠ᠎ᠲᠠᠶ ᠠᠵᠤ ᠠᠬᠤᠢᠯᠠᠯ᠎ᠳᠤ ᠭᠦᠨᠵᠡᠭᠡᠢᠷᠡᠵᠦ᠍᠂ ᠪᠠᠢᠴᠠᠭᠠᠨ ᠰᠤᠳᠤᠯᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠍᠂ ᠵᠠᠰᠠᠭ᠎ᠤᠨ ᠶᠠᠪᠤᠳᠠᠯ᠎ᠤᠨ ᠵᠥᠪᠳᠡᠯᠴᠡᠭᠡᠨ᠎ᠦ ᠶᠠᠷᠢᠯᠴᠠᠬᠤ ᠬᠤᠷᠠᠯ᠎ᠳᠤ ᠣᠷᠣᠯᠴᠠᠭ᠍ᠰᠠᠨ 89 ᠠᠵᠤ ᠠᠬᠤᠢᠯᠠᠯ᠎ᠳᠤ ᠲᠦᠷᠦ᠍᠎ᠶ᠋ᠢᠨ ᠪᠤᠳᠤᠯᠭ᠎ᠠ ᠎ᠶᠢ ᠲᠠᠨᠢᠯᠴᠠᠭᠤᠯᠤᠨ ᠬᠦᠷᠭᠡᠬᠦ᠌ ᠪᠠ ᠵᠢᠭᠠᠨ ᠵᠢᠯᠣᠭᠣᠳᠴᠤ᠌᠂ ᠠᠵᠤ ᠠᠬᠤᠢᠯᠠᠯ᠎ᠤᠨ ᠠᠵᠢᠯᠳᠠᠨ ᠠᠵᠢᠯᠴᠢᠨ᠎ᠤ ᠡᠷᠬᠡ ᠠᠱᠢᠭ᠎ᠤᠨ ᠪᠠᠲᠤᠯᠠᠭ᠎ᠠ ᠵᠡᠷᠭᠡ ᠠᠰᠠᠭᠤᠳᠠᠯ᠎ᠢ ᠣᠢᠯᠠᠭᠠᠪᠠ᠃ ᠲᠡᠷᠡ ᠪᠠᠢᠴᠠᠭᠠᠨ ᠰᠤᠳᠤᠯᠵᠤ ᠰᠤᠷᠪᠤᠯᠵᠢᠯᠠᠬᠤ ᠳᠤᠮᠳᠠ᠎ᠪᠠᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠣᠯᠠᠨ ᠡᠱᠢᠵᠢᠬᠦ᠌᠎ᠶ᠋ᠢ ᠳᠠᠭᠠᠯᠳᠤᠨ᠂ ᠠᠵᠢᠯᠴᠢᠨ ᠬᠡᠷᠡᠭ᠌ᠯᠡᠬᠦ᠌ ᠬᠡᠯᠪᠡᠷᠢ ᠣᠯᠠᠨ ᠶᠠᠩᠵᠤ᠎ᠶ᠋ᠢᠨ ᠪᠣᠯᠵᠣ᠂ ᠬᠥᠳᠡᠯᠮᠦᠷᠢ᠎ᠶ᠋ᠢᠨ ᠬᠠᠷᠢᠴᠠᠭ᠎ᠠ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠣ᠂ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠯᠲᠠ᠎ᠶ᠋ᠢᠨ ᠠᠵᠢᠯ᠎ᠳᠤ ᠬᠠᠤᠯᠢ ᠬᠡᠷᠡᠭ᠌ᠵᠢᠭᠦᠯᠬᠦ᠌ ᠲᠡᠰ ᠳᠠᠷᠡᠠᠭᠠᠯᠠᠯ ᠱᠢᠯᠤᠭᠤᠨ ᠪᠢᠰᠢ ᠵᠡᠷᠭᠡ ᠪᠣᠳᠠᠲᠤ ᠠᠰᠠᠭᠤᠳᠠᠯ ᠲᠤᠯᠭᠠᠷᠠᠵᠤ ᠪᠠᠢᠬᠤ᠎ᠵᠢ ᠤᠯᠵᠤ ᠮᠡᠳᠡᠪᠡ᠃ ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠲᠡᠷᠡ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠴᠢᠩᠭᠠᠳᠭᠠᠬᠤ ᠲᠤᠬᠠᠶ ᠰᠠᠨᠠᠯ ᠵᠥᠪᠯᠡᠯᠭᠡ ᠲᠤᠱᠢᠶᠠᠵᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠦ ᠲᠤᠰᠭᠠᠶ ᠪᠠᠢᠴᠠᠭᠠᠨ ᠰᠤᠳᠤᠯᠤᠯᠲᠠ ᠪᠠ ᠨᠤᠲᠠᠯᠠᠯᠲᠠ ᠬᠢᠵᠦ᠍᠂ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠯᠲᠠ᠎ᠶ᠋ᠢᠨ ᠠᠵᠢᠯ᠎ᠳᠠᠬᠢ ᠪᠣᠳᠠᠲᠠᠶ ᠲᠤᠱᠢᠶᠠᠯ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ᠎ᠶ᠋ᠢᠨ ᠲᠣᠳᠣᠷᠬᠠᠶ ᠪᠠᠢᠬᠤ᠂ ᠡᠷᠬᠡ ᠬᠠᠷᠢᠭᠤᠴᠠᠯᠭ᠎ᠠ᠎ᠶ᠋ᠢᠨ ᠲᠣᠳᠣᠷᠬᠠᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠬᠥᠳᠡᠯᠮᠦᠷᠢᠴᠢᠨ ᠨᠢᠭᠡᠪᠦᠷᠢ᠎ᠳᠦ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠵᠦ᠍᠂ ᠬᠥᠳᠡᠯᠮᠦᠷᠢᠯᠡᠪᠡᠯ ᠣᠯᠤᠯᠲᠠ᠎ᠲᠠᠶ ᠪᠠᠢᠬᠤ᠎ᠶ᠋ᠢ ᠪᠡᠶᠡᠯᠡᠭᠦᠯᠬᠦ᠌᠎ᠪᠡᠷ ᠴᠢᠷᠮᠠᠢᠬᠤ᠎ᠵᠢ ᠰᠠᠨᠠᠭᠤᠯᠪᠠ᠃

《ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠱᠢᠯᠢᠳᠡᠭ᠌ᠵᠢᠭᠦᠯᠬᠦ᠌ ᠪᠣᠯ ᠬᠥᠳᠡᠯᠮᠦᠷᠢᠴᠢᠳ᠎ᠦᠨ ᠡᠷᠬᠡ ᠠᠱᠢᠭ᠎ᠢ ᠬᠠᠮᠠᠭᠠᠯᠠᠬᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠮᠥᠨ᠃ ᠪᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠬᠥᠳᠡᠯᠮᠦᠷᠢᠴᠢᠳ᠎ᠦᠨ ᠡᠷᠬᠡ ᠠᠱᠢᠭ᠎ᠢ ᠪᠠᠲᠤᠯᠠᠬᠤ ᠬᠦᠷᠢᠶᠡᠨ᠎ᠳᠡᠬᠢ ᠬᠦᠴᠢᠷ ᠠᠰᠠᠭᠤᠳᠠᠯ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍ ᠠᠷᠭ᠎ᠠ ᠤᠬᠠᠭᠠᠨ ᠭᠠᠷᠭᠠᠨ ᠥᠭ᠌ᠴᠦ᠂ ᠦᠨᠳᠦᠰᠦᠨ ᠱᠠᠲᠤᠨ᠎ᠤ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ᠎ᠪᠠᠷ ᠴᠢᠷᠮᠠᠢᠨ᠎ᠠ》᠃ ᠹᠦ᠋ ᠯᠢᠩ ᠶᠠᠨ᠂ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠪᠠᠷ ᠪᠣᠶ᠂ ᠪᠢ ᠨᠠᠩ ᠣᠯᠠᠨ ᠦᠨᠳᠦᠰᠦᠨ ᠱᠠᠲᠤᠨ᠎ᠤ ᠲᠠᠭᠤᠨ᠎ᠢ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ ᠳᠠᠮᠵᠢᠭᠤᠯᠵᠤ᠂ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠦᠴᠦᠨ ᠨᠡᠮᠡᠷᠢᠯᠡᠵᠦ᠍᠂ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠭᠦᠨ᠎ᠡ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号