ᠳ᠋ᠦ᠋ ᠹᠸᠩ ᠯᠢᠶᠠᠨ ᠭᠡᠰᠢᠬᠦᠨ᠄ 《ᠰᠤᠳᠤᠯᠭᠠᠨ᠎ᠤ ᠥᠷᠲᠡᠭ》 ᠵᠢᠡᠷ 《ᠰᠠᠨᠠᠯ ᠲᠤᠷᠠᠳᠤᠯᠭ᠎ᠠ ᠵᠢᠨ ᠦᠷᠳᠡᠭ》 ᠢ᠋ ᠨᠡᠮᠡᠭᠳᠡᠬᠦᠯᠤᠨ᠎ᠠ
2026-01-30 09:47:06
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠳ᠋ᠦ᠋ ᠹᠸᠩ ᠯᠢᠶᠠᠨ᠎ᠤ ᠠᠯᠪᠠᠨ ᠬᠡᠷ᠎ᠲᠦ ᠣᠷᠣᠬᠤ᠎ᠳᠤ᠂ ᠨᠤᠮ ᠤ᠋ᠨ ᠲᠠᠯᠪᠢᠭᠤᠷ ᠲᠦᠬᠦᠷᠡᠩ ᠨᠣᠮ ᠪᠢᠴᠢᠭ ᠪᠠ ᠡᠯ᠎ᠡ ᠲᠥᠷᠥᠯ᠎ᠦᠨ ᠮᠠᠲ᠋ᠧᠷᠢᠶᠠᠯ ᠬᠠᠷᠠᠭ᠍ᠳᠠᠵᠤ ᠪᠠᠢᠯ᠎ᠠ᠃ 2025 ᠣᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠪᠠᠢᠳᠠᠯ᠎ᠢ ᠨᠢ ᠠᠰᠠᠭᠤᠬᠤ᠎ᠳᠤ᠂ ᠲᠡᠷᠡ ᠺᠣᠮᠫᠢᠦ᠋ᠲ᠋ᠧᠷ᠎ᠲᠡᠬᠢ 《2025 ᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭᠰᠡᠨ ᠠᠵᠢᠯ》 ᠢ᠋ ᠳᠠᠷᠤᠬᠤ ᠳ᠋ᠦ᠂ 《ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ ᠎ᠶᠢ ᠪᠦᠳᠦᠭᠡᠨ ᠪᠠᠢᠭᠤᠯᠬᠤ》᠂ 《ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠠᠬᠤᠶ᠎ᠶ᠋ᠢ ᠪᠥᠲᠥᠭᠡᠨ ᠪᠠᠢᠭᠤᠯᠬᠤ》᠂《ᠬᠥᠮᠦᠨ ᠠᠮᠠ᠎ᠶ᠋ᠢᠨ ᠬᠤᠪᠢᠷᠠᠯᠲᠠ ᠬᠢᠭᠡᠳ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠱᠢᠯᠢᠳᠡᠭ᠌ᠵᠢᠭᠦᠯᠬᠦ᠌》᠂ 《ᠠᠵᠢᠯ ᠣᠯᠭᠣᠯᠲᠠ ᠬᠢᠭᠡᠳ ᠦᠢᠯᠡᠰ ᠪᠤᠰᠬᠠᠬᠤ》 ᠵᠡᠷᠭᠡ ᠲᠥᠷᠥᠯ ᠠᠩᠭᠢᠯᠠᠯ᠎ᠢᠶᠠᠷ ᠲᠣᠳᠣᠷᠬᠠᠶ 4 ᠬᠤᠪᠢᠶᠠᠷᠢ ᠪᠢᠴᠢᠭ ᠮᠠᠲ᠋ᠧᠷᠢᠶᠠᠯ᠎ᠤᠨ ᠬᠠᠪᠴᠢᠭᠤᠷ᠎ᠢ ᠲᠠᠰ ᠳᠠᠷᠠᠭᠠᠯᠠᠨ ᠵᠢᠭ᠍ᠰᠠᠭᠠᠵᠤ᠂ ᠪᠢᠴᠢᠭ ᠮᠠᠲ᠋ᠧᠷᠢᠶᠠᠯ᠎ᠤᠨ ᠬᠠᠪᠴᠢᠭᠤᠷ ᠨᠢᠭᠡᠪᠦᠷᠢ᠎ᠳᠦ ᠪᠠᠰᠠ ᠡᠳᠦᠶ ᠲᠡᠳᠦᠶ ᠪᠢᠴᠢᠭ ᠮᠠᠲ᠋ᠧᠷᠢᠶᠠᠯ᠎ᠢ ᠪᠠᠭ᠍ᠲᠠᠭᠠᠵᠤ᠂ ᠲᠡᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠶᠠᠭᠠᠷᠠᠯᠲᠠᠶ ᠵᠠᠮ ᠮᠥᠷ᠎ᠢ ᠲᠡᠮᠳᠡᠭ᠌ᠯᠡᠵᠦ᠍ ᠪᠠᠢᠯ᠎ᠠ᠃

2025 ᠣᠨ᠎ᠳᠤ᠂ ᠳ᠋ᠦ᠋ ᠹᠸᠩ ᠯᠢᠶᠠᠨ ᠰᠠᠨᠠᠯ ᠳᠤᠷᠠᠳᠤᠯᠭ᠎ᠠ ᠪᠠ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠢᠳᠡᠪᠬᠢᠲᠡᠶ ᠲᠤᠭᠤᠷᠪᠢᠨ ᠪᠢᠴᠢᠪᠡ᠂ ᠡᠭᠦᠨ᠎ᠳᠦ 《ᠬᠢᠯᠢ᠎ᠶ᠋ᠢᠨ ᠠᠷᠠᠳ᠎ᠤᠨ ᠠᠷᠠᠯᠵᠢᠶᠠᠨ᠎ᠤ ᠭᠤᠤᠯ ᠴᠣᠭ᠍ᠴᠠ᠎ᠶ᠋ᠢ ᠨᠡᠮᠡᠭ᠌ᠳᠡᠭᠦᠯᠵᠦ᠍ ᠥᠪᠥᠷ ᠮᠣᠩᠭᠣᠯ᠎ᠤᠨ ᠵᠠᠬ᠎ᠠ᠎ᠶ᠋ᠢᠨ ᠠᠷᠠᠯᠵᠢᠶᠠᠨ᠎ᠤ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠬᠤ ᠲᠤᠬᠠᠶ ᠰᠠᠨᠠᠭᠤᠯᠭ᠎ᠠ》 ᠶ᠋ᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠪᠠ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ ᠤ᠋ᠨ ᠲᠥᠪ ᠬᠣᠷᠢᠶ᠎ᠠ ᠬᠦᠯᠢᠶᠠᠨ ᠠᠪᠴᠤ᠌ ᠬᠡᠷᠡᠭ᠌ᠯᠡᠪᠡ; 《ᠮᠠᠨ᠎ᠤ ᠣᠷᠣᠨ᠎ᠳᠤ ᠨᠡᠭᠦᠷᠡᠰᠦᠲᠥ᠋ᠷᠥᠭ᠌ᠴᠢ᠎ᠶ᠋ᠢᠨ ᠬᠡᠷᠡᠭ᠌ᠯᠡᠭᠡ᠎ᠶ᠋ᠢᠨ ᠬᠠᠷᠢᠴᠠᠯ᠎ᠢᠶᠠᠷ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠬᠤᠪᠢᠶᠠᠨ ᠡᠭᠦᠷᠭᠡᠯᠡᠬᠦ᠌ ᠭᠦᠶ᠋ᠴᠡᠳᠭᠡᠯ ᠲᠣᠭ᠎ᠠ᠎ᠶ᠋ᠢ ᠲᠤᠷᠱᠢᠨ ᠦᠨᠡᠯᠡᠬᠦ᠌᠎ᠶ᠋ᠢ ᠥᠷᠨᠢᠭᠦᠯᠬᠦ᠌ ᠲᠤᠬᠠᠶ ᠰᠠᠨᠠᠭᠤᠯᠭ᠎ᠠ》 ᠨᠢ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠱᠢᠯᠢᠳᠡᠭ ᠦᠷ᠎ᠡ ᠪᠦᠲᠦᠭᠡᠯ᠎ᠦᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠪᠡ᠃ ᠡᠭᠦᠨ᠎ᠦ ᠵᠡᠷᠭᠡ ᠪᠡᠷ᠂ ᠲᠡᠷᠡ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ 《ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠎ᠳᠤ ᠬᠦᠴᠦᠨ ᠨᠡᠮᠡᠷᠢᠯᠡᠬᠦ᠌》 ᠵᠡᠷᠭᠡ ᠵᠥᠪᠯᠡᠬᠦ᠌ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠱᠢᠰᠲ᠋ᠧᠮ᠎ᠦᠨ ᠴᠢᠨᠠᠷᠲᠠᠢ ᠰᠠᠨᠠᠭᠤᠯᠭ᠎ᠠ ᠳᠤᠷᠠᠳᠪᠠ᠃

《ᠪᠣᠳᠠᠲᠤ ᠪᠠᠢᠳᠠᠯ᠎ᠢ ᠠᠩᠬᠠᠷᠴᠤ᠌᠂ ᠬᠡᠷᠡᠭ᠌ᠴᠡᠭᠡ᠎ᠲᠡᠶ ᠰᠤᠳᠤᠯᠭᠠᠨ ᠬᠢᠬᠦ᠌ ᠬᠡᠷᠡᠭ᠌ᠲᠡᠢ》᠃ ᠡᠨᠡ ᠪᠣᠯ ᠳ᠋ᠦ᠋ ᠹᠸᠩ ᠯᠢᠶᠠᠨ᠎ᠤ ᠪᠠᠲᠤ ᠰᠠᠬᠢᠲᠠᠬ ᠵᠢᠷᠤᠮ ᠪᠣᠯᠤᠨ᠎ᠠ᠃ ᠣᠯᠠᠨ ᠵᠢᠯ᠎ᠦᠨ ᠲᠤᠷᠰᠢ᠂ ᠲᠡᠷᠡ ᠪᠦᠯᠬᠦᠮ᠎ᠤᠨ ᠬᠢᠨ ᠲᠡᠶ᠎ᠪᠡᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠢᠮᠠᠭ᠍ᠲᠠ ᠡᠵᠡᠮᠳᠡᠵᠦ᠂ ᠤᠷᠢᠳ ᠬᠣᠵᠢᠳ ᠤᠯᠤᠰ᠎ᠤᠨ ᠲᠠᠰ᠂ ᠮᠤᠵᠢ ᠶᠠᠮᠤᠨ᠎ᠤ ᠲᠠᠰ᠎ᠤᠨ 70 ᠭᠠᠷᠤᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠡᠭᠦᠷᠭᠡᠯᠡᠵᠦ᠍᠂ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠢ ᠤᠳᠠᠭ᠎ᠠ ᠳᠠᠷᠠᠭᠠᠯᠠᠨ ᠦᠶ᠋ᠯᠡᠴᠢᠯᠡᠭᠡᠨ᠎ᠦ ᠬᠥᠭ᠌ᠵᠢᠯᠲᠡ᠎ᠶ᠋ᠢᠨ ᠪᠣᠳᠠᠲᠠᠶ᠎ᠶ᠋ᠢ ᠡᠷᠬᠢᠮᠯᠡᠬᠦ᠌ ᠰᠠᠢᠨ ᠠᠷᠭ᠎ᠠ ᠪᠣᠳᠣᠯᠭ᠎ᠠ ᠪᠣᠯᠭᠠᠨ ᠬᠤᠪᠢᠷᠠᠭᠤᠯᠪᠠ᠃

ᠳ᠋ᠦ᠋ ᠹᠸᠩ ᠯᠢᠶᠠᠨ ᠢᠮᠠᠭ᠍ᠲᠠ ᠪᠠᠭ᠍ᠰᠢ᠎ᠶ᠋ᠢᠨ ᠤᠭ ᠰᠠᠨᠠᠭ᠎ᠠ ᠪᠣᠯᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠬᠠᠷᠢᠭᠤᠴᠠᠯᠭ᠎ᠠ ᠪᠠᠷ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠌᠂ ᠵᠠᠰᠠᠭ᠎ᠲᠤ ᠲᠤᠰᠠᠯᠠᠨ ᠠᠷᠭ᠎ᠠ ᠤᠬᠠᠭᠠᠨ ᠭᠠᠷᠭᠠᠬᠤ ᠳᠤᠮᠳᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠭᠰᠡᠭᠡᠷ ᠢᠷᠡᠵᠠᠢ᠃ 《ᠣᠢᠷ᠎ᠠ᠎ᠳᠤ᠂ ᠪᠢ ᠶᠠᠭ ᠤᠯᠤᠰ᠎ᠤᠨ ᠭᠠᠳᠠᠭᠠᠳᠤ ᠨᠡᠭᠡᠭᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠤᠯᠠᠮ ᠨᠢᠭᠡ ᠠᠯᠬᠤᠮ ᠡᠮᠬᠢᠯᠡᠵᠦ᠍᠂ ᠰᠤᠳᠤᠯᠭᠠᠨ ᠤ᠋ ᠲᠣᠭ᠎ᠠ ᠪᠠᠷᠢᠮᠲᠠ ᠪᠠ ᠮᠠᠲ᠋ᠧᠷᠢᠶᠠᠯ᠎ᠢ ᠡᠮᠬᠢᠯᠡᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠢ ᠴᠢᠨᠠᠷ ᠰᠠᠢᠲᠠᠶ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ ᠰᠠᠨᠠᠯ ᠳᠤᠷᠠᠳᠤᠯᠭ᠎ᠠ ᠪᠢᠴᠢᠵᠦ᠍ ᠪᠠᠢᠨ᠎ᠠ》᠃ ᠳ᠋ᠦ᠋ ᠹᠧᠩ ᠯᠢᠶᠠᠨ᠂ ᠰᠠᠨᠠᠯ ᠳᠤᠷᠠᠳᠤᠯᠭ᠎ᠠ ᠨᠢᠭᠡᠪᠦᠷᠢ᠎ᠨᠢ ᠴᠥᠮ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠬᠤᠷᠠᠮᠳᠤᠭᠤᠯᠤᠯ᠎ᠡᠴᠡ ᠠᠱᠢᠭ ᠭᠥᠷᠳᠡᠵᠦ᠍᠂ ᠲᠠᠰᠤᠷᠠᠯᠲᠠ ᠥᠬᠡᠶ ᠰᠤᠷᠤᠯᠴᠠᠨ ᠪᠠᠢᠴᠠᠭᠠᠨ ᠰᠤᠳᠤᠯᠤᠯᠲᠠ ᠬᠢᠭ᠌ᠰᠡᠨ᠎ᠡᠴᠡ ᠪᠣᠯᠤᠭ᠍ᠰᠠᠨ ᠶᠤᠮ᠂ ᠬᠣᠢᠱᠢᠳᠠ ᠪᠢ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠬᠥᠨ ᠎ᠤ ᠬᠠᠯᠠᠭᠤᠨ ᠰᠡᠳᠭᠢᠯᠭᠡ ᠪᠣᠯᠤᠨ ᠰᠤᠷᠭᠠᠨ ᠬᠥᠮᠦᠵᠢᠭᠦᠯᠦᠭ᠌ᠴᠢ᠎ᠶ᠋ᠢᠨ ᠬᠠᠷᠢᠭᠤᠴᠠᠯᠭ᠎ᠠ ᠵᠢ ᠡᠭᠦᠷᠭᠡᠯᠡᠵᠦ᠍᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠦᠷᠭᠦᠯᠵᠢᠯᠡᠨ ᠣᠶᠤᠨ ᠤᠬᠠᠭᠠᠨ ᠪᠠ ᠬᠦᠴᠦᠨ ᠴᠢᠳᠠᠯ ᠵᠢᠡᠨ ᠨᠡᠮᠡᠷᠢᠯᠡᠨ᠎ᠠ ᠭᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号