— 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠢᠨᠠᠯᠲᠠ ᠲᠠᠯᠪᠢᠬᠤ ᠠᠵᠢᠯ ᠤ᠋ᠨ ᠡᠷᠭᠢᠴᠡᠭᠦᠯᠦᠯ
ᠬᠢᠨᠠᠯᠲᠠ ᠲᠠᠯᠪᠢᠬᠤ ᠪᠣᠯ ᠦᠨᠳᠦᠰᠦᠨ ᠬᠠᠤᠯᠢ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ᠎ᠳᠤ ᠣᠯᠭᠣᠭ᠍ᠰᠠᠨ ᠴᠢᠬᠤᠯᠠ ᠡᠭᠦᠷᠭᠡ ᠲᠤᠰᠢᠶᠠᠯ ᠮᠥᠨ᠃
ᠥᠩᠭᠡᠷᠡᠭ᠌ᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠂ ᠭᠣᠣᠯᠳᠠᠯᠭ᠎ᠠ᠎ᠶ᠋ᠢ ᠲᠤᠪᠤᠢ᠌ᠯᠭᠠᠬᠤᠶ᠋ᠢ ᠪᠠᠷᠢᠮᠲᠠᠯᠠᠵᠤ᠂ ᠨᠠᠮ ᠪᠣᠯᠤᠨ ᠤᠯᠤᠰ᠎ᠤᠨ ᠬᠢᠨᠠᠯᠲᠠ ᠵᠢᠨ ᠱᠢᠰᠲ᠋ᠧᠮ᠎ᠳᠡᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ ᠵᠢᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠨᠠᠮ᠎ᠤᠨ ᠲᠥᠪ ᠬᠣᠷᠢᠶ᠎ᠠ ᠵᠢᠨ ᠶᠡᠬᠡ ᠪᠤᠳᠤᠯᠭ᠎ᠠ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠᠢᠷᠢᠯᠠᠭᠤᠯᠤᠯᠲᠠ᠎ᠶ᠋ᠢ ᠪᠦᠲᠦᠮᠵᠢᠲᠡᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ 2025 ᠣᠨ᠎ᠳᠤ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠨᠡᠢᠲᠡ 5 ᠤᠳᠠᠭ᠎ᠠ ᠵᠣᠬᠢᠶᠠᠨ ᠪᠠᠢᠭᠤᠯᠵᠤ᠂ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ 39 ᠤᠳᠠᠭ᠎ᠠ ᠰᠣᠨᠣᠰᠴᠤ ᠬᠢᠨᠠᠨ ᠶᠠᠷᠢᠯᠴᠠᠵᠤ᠂ ᠲᠤᠰᠭᠠᠢ ᠰᠡᠳᠦᠪ᠎ᠢᠶᠡᠷ ᠯᠠᠪᠯᠠᠨ ᠠᠰᠠᠭᠤᠬᠤ᠂ ᠳᠤᠭᠤᠢᠯᠠᠩ ᠬᠤᠪᠢᠶᠠᠨ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ ᠬᠠᠨᠤᠮᠵᠢ᠎ᠶ᠋ᠢᠨ ᠬᠡᠮᠵᠢᠶ᠎ᠡ᠎ᠶ᠋ᠢ 18 ᠤᠳᠠᠭ᠎ᠠ ᠱᠢᠯᠭᠠᠨ ᠦᠨᠡᠯᠡᠪᠡ᠃
ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠪᠣᠯᠤᠨ᠎ᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠦᠷᠢᠶᠡᠨ᠎ᠳᠡᠬᠢ ᠬᠢᠨᠠᠯᠲᠠ ᠲᠠᠯᠪᠢᠬᠤ ᠠᠵᠢᠯ᠎ᠢ ᠦᠷᠭᠦᠯᠵᠢᠯᠡᠨ ᠴᠢᠩᠭᠠᠳᠭᠠᠪᠠ᠃
ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠠᠵᠢᠯ᠎ᠳᠤ ᠬᠠᠤᠯᠢ ᠲᠣᠭ᠍ᠲᠠᠭᠠᠭ᠍ᠰᠠᠨ ᠰᠠᠭᠤᠷᠢᠨ ᠳᠡᠭᠡᠷ᠎ᠡ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠬᠢᠬᠦ᠌ ᠲᠤᠰᠭᠠᠶ ᠠᠵᠢᠯ᠎ᠤᠨ ᠮᠡᠳᠡᠭᠦᠯᠦᠯᠲᠡ᠎ᠶ᠋ᠢ ᠤᠯᠠᠮ ᠨᠢᠭᠡ ᠠᠯᠬᠤᠮ ᠰᠣᠨᠣᠰᠴᠤ᠌ ᠬᠢᠨᠠᠨ ᠵᠥᠪᠯᠡᠵᠦ᠍᠂ 《ᠨᠣᠭᠣᠭᠠᠷᠠᠭᠤᠯᠤᠯᠳᠠ ᠤᠷᠤᠭ᠍ᠰᠢᠯᠠᠵᠤ ᠡᠯᠡᠰᠦ ᠤᠬᠤᠷᠢᠭᠰᠠᠨ》 ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠪᠡ᠃ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠳᠠ ᠡᠴᠡ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠲᠠᠶ ᠤᠶᠠᠯᠳᠤᠭᠤᠯᠤᠨ᠂ ᠤᠰᠤ᠎ᠶ᠋ᠢ ᠠᠷᠪᠢᠯᠠᠨ ᠬᠡᠷᠡᠭ᠌ᠯᠡᠬᠦ᠌᠂ ᠪᠥᠬᠥ᠌ ᠣᠷᠣᠨ᠎ᠤ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ᠌ ᠠᠱᠢᠭ᠍ᠯᠠᠬᠤ ᠵᠡᠷᠭᠡ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠬᠠᠤᠯᠢ ᠶᠣᠰᠣᠭᠠᠷ ᠪᠠᠲᠤ ᠴᠣᠭ᠍ᠴᠠᠯᠠᠪᠠ᠃ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ 《ᠣᠨ ᠤ᠋ ᠪᠠᠢᠴᠠᠭᠠᠯᠲᠠ》 ᠶ᠋ᠢ ᠥᠷᠨᠢᠭᠦᠯᠵᠦ᠍᠂ 2024 ᠣᠨ ᠤ᠋ ᠣᠷᠴᠢᠨ ᠲᠤᠭᠤᠷᠢᠨ ᠤ᠋ ᠪᠠᠢᠳᠠᠯ ᠪᠠ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠪᠡ᠃
ᠬᠥᠭ᠌ᠵᠢᠯᠳᠡ ᠪᠣᠯ ᠠᠯᠢᠪᠠ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠲᠦᠯᠬᠢᠭᠦᠷ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠯᠠᠮᠱᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠨᠠᠯᠲᠠ ᠲᠠᠯᠪᠢᠬᠤ ᠬᠦᠴᠦᠯᠡᠬᠦ᠌ ᠴᠡᠭ ᠪᠣᠯᠤᠨ ᠭᠠᠷᠳᠠᠬᠤ ᠴᠡᠭ᠎ᠢ ᠣᠨᠣᠪᠴᠢᠲᠠᠢ ᠣᠯᠵᠤ᠂ ᠬᠢᠨᠠᠯᠲᠠ ᠲᠠᠯᠪᠢᠬᠤ ᠠᠵᠢᠯ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠬᠤ᠂ ᠬᠥᠭ᠌ᠵᠢᠯᠲᠡ᠎ᠲᠡᠶ ᠵᠡᠷᠭᠡ ᠪᠡᠷ ᠶᠠᠪᠤᠭ᠍ᠳᠠᠬᠤ᠎ᠶ᠋ᠢ ᠠᠬᠢᠭᠤᠯᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠲᠦᠷᠢᠮ》 ᠤ᠋ᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠭᠦᠨᠵᠡᠭᠡᠶ ᠥᠷᠨᠢᠭᠦᠯᠵᠦ᠍᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠳᠡᠭᠡᠨ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢᠭᠡᠮ᠎ᠦᠨ ᠦᠨᠡᠨᠴᠢ ᠢᠲᠡᠭᠡᠮᠵᠢ ᠪᠠ ᠬᠠᠤᠯᠢ ᠴᠠᠭᠠᠵᠠ᠎ᠶ᠋ᠢᠨ ᠢᠳᠡᠭᠡᠬᠦᠯᠬᠦ ᠬᠦᠴᠤᠨ ᠤ᠋ ᠪᠠᠢᠭᠤᠯᠤᠯᠲᠠ᠎ᠶ᠋ᠢ ᠴᠢᠩᠭᠠᠳᠭᠠᠵᠤ᠂ ᠲᠡᠷᠢᠭᠦᠨ᠎ᠦ ᠦᠨᠡᠨᠴᠢ ᠢᠲᠡᠭᠡᠮᠵᠢ᠎ᠶ᠋ᠢᠨ ᠣᠷᠴᠢᠨ ᠨᠥᠬᠥᠴᠡᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠲᠣᠳᠣᠷᠬᠠᠶ ᠳᠤᠷᠠᠳᠪᠠ᠃ ᠡᠭᠦᠨ᠎ᠦ ᠵᠡᠷᠭᠡ ᠪᠡᠷ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠠᠵᠤ ᠠᠬᠤᠢᠯᠠᠯ᠎ᠢ ᠲᠤᠰᠠᠯᠠᠬᠤ ᠠᠵᠢᠯ᠂ ᠵᠢᠭᠤᠯᠴᠢᠯᠠᠯ᠎ᠤᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠵᠡᠷᠭᠡ ᠠᠵᠢᠯ᠎ᠳᠤ ᠬᠢᠨᠠᠯᠲᠠ ᠲᠠᠯᠪᠢᠵᠤ᠂ ᠬᠥᠭ᠌ᠵᠢᠯᠲᠡ᠎ᠶ᠋ᠢᠨ ᠳᠤᠮᠳᠠᠬᠢ ᠲᠦᠭ᠌ᠵᠢᠷᠡᠯ ᠴᠡᠭ᠂ ᠬᠣᠷᠢᠭᠠᠴᠡᠭ ᠤ᠋ᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠬᠦ᠌᠎ᠶ᠋ᠢ ᠠᠬᠢᠭᠤᠯᠪᠠ᠃ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ᠎ᠳᠤ ᠵᠣᠬᠢᠴᠠᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡᠰᠢᠪᠳᠤᠯᠬᠤ》᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠱᠢᠨᠵᠢᠯᠡᠭᠡᠨ᠎ᠦ ᠰᠠᠯᠠᠭ᠎ᠠ᠎ᠶ᠋ᠢᠨ ᠲᠤᠰᠭᠠᠢ ᠮᠡᠷᠭᠡᠵᠢᠯ᠎ᠦᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠵᠡᠷᠭᠡ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠭᠡᠳ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠤ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠬᠠᠤᠯᠢ ᠶᠣᠰᠣᠭᠠᠷ ᠠᠬᠢᠭᠤᠯᠪᠠ᠃
ᠵᠠᠰᠠᠭ᠎ᠤᠨ ᠣᠷᠳᠣᠨ᠎ᠤ ᠲᠥᠰᠦᠪ ᠪᠠ ᠲᠥᠰᠦᠪ᠎ᠦᠨ ᠭᠦᠶ᠋ᠴᠡᠳᠭᠡᠯ᠎ᠢ ᠬᠢᠨᠠᠨ ᠪᠠᠢᠴᠠᠭᠠᠬᠤ ᠪᠠ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠤᠯᠤᠰ᠎ᠤᠨ ᠥᠮᠴᠢᠯᠡᠯ ᠤ᠋ᠨ ᠡᠳ᠋ ᠬᠥᠷᠥᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠂ ᠦᠨᠳᠦᠰᠦᠨ ᠱᠠᠲᠤᠨ᠎ᠤ 《ᠭᠤᠷᠪᠠ᠎ᠶ᠋ᠢ ᠪᠠᠲᠤᠯᠠᠬᠤ》 ᠠᠵᠢᠯ᠂ ᠬᠢᠨᠠᠨ ᠪᠤᠳᠤᠯᠲᠠ᠎ᠪᠠᠷ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠳᠤ ᠬᠢᠨᠠᠯᠲᠠ ᠲᠠᠯᠪᠢᠵᠤ᠂ ᠠᠷᠠᠳ ᠣᠯᠠᠨ᠎ᠤ 《ᠵᠣᠭᠣᠰᠣᠨ ᠴᠦᠩᠬᠦ᠌》 ᠶ᠋ᠢ ᠦᠨᠡᠨ ᠬᠦ᠌ ᠰᠠᠢᠲᠤᠷ ᠬᠠᠮᠢᠶᠠᠷᠴᠤ᠌᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ 《ᠠᠮᠤᠷ ᠲᠦᠪᠱᠢᠨ᠎ᠦ ᠲᠤᠤᠷ》 ᠢ᠋ ᠪᠠᠲᠤ ᠰᠦᠯᠵᠢᠪᠠ᠃ 《ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌ + ᠬᠠᠨᠤᠮᠵᠢ᠎ᠶ᠋ᠢᠨ ᠬᠡᠮᠵᠢᠶ᠎ᠡ᠎ᠶ᠋ᠢ ᠬᠡᠮᠵᠢᠨ ᠦᠨᠡᠯᠡᠬᠦ᠌》 ᠠᠷᠭ᠎ᠠ ᠬᠡᠯᠪᠡᠷᠢ᠎ᠪᠡᠷ ᠳᠠᠮᠵᠢᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠲᠦᠷᠢᠮ》 ᠢ᠋ ᠬᠡᠷᠡᠭ᠌ᠵᠢᠭᠦᠯᠦᠭ᠌ᠰᠡᠨ ᠪᠠᠢᠳᠠᠯ᠎ᠢ ᠮᠥᠷᠳᠡᠨ ᠬᠢᠨᠠᠯᠲᠠ ᠲᠠᠯᠪᠢᠵᠤ᠂ ᠠᠶᠤᠯᠬᠦᠢ ᠦᠶ᠋ᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠥᠨᠳᠥᠷ ᠲᠦᠪᠱᠢᠨ ᠪᠥᠬᠥᠶ ᠠᠮᠤᠷ ᠲᠦᠪᠱᠢᠨ᠎ᠢᠶᠡᠷ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠪᠠ᠃
ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠤ ᠦᠭᠡᠢ᠂ ᠵᠢᠵᠢᠭ ᠰᠠᠵᠢᠭ ᠶᠠᠪᠤᠳᠠᠯ ᠪᠦᠬᠦᠨ ᠨᠢ ᠬᠠᠢᠷ᠎ᠠ ᠬᠠᠯᠠᠮᠵᠢ᠎ᠵᠢ ᠢᠯᠡᠷᠡᠬᠦᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠳᠤ ᠬᠠᠷᠢᠭᠤ ᠲᠤᠰᠭᠠᠯ ᠥᠭ᠌ᠬᠦ᠎ᠶ᠋ᠢ ᠪᠠᠷᠢᠮᠲᠠᠯᠠᠵᠤ᠂ ᠤᠯᠠᠨ ᠲᠦᠮᠡᠨ᠎ᠦ ᠠᠩᠬᠠᠷᠴᠤ᠌ ᠪᠠᠢᠭ᠎ᠠ᠂ ᠲᠥᠯᠥᠭᠡᠯᠡᠭ᠌ᠴᠢᠳ᠎ᠦᠨ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠠᠬᠢᠭᠤᠯᠪᠠ᠃
ᠢᠳᠡᠭᠡᠨ᠎ᠦ ᠠᠮᠤᠷ ᠲᠦᠪᠱᠢᠨ ᠨᠢ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠢᠳᠡᠭᠡᠨ᠎ᠦ ᠠᠮᠤᠷ ᠲᠦᠪᠱᠢᠨ᠎ᠦ 《ᠨᠢᠭᠡ ᠬᠠᠤᠯᠢ ᠨᠢᠭᠡ ᠲᠦᠷᠢᠮ》 ᠢ᠋ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠥᠷᠨᠢᠭᠦᠯᠵᠦ᠍᠂ ᠲᠠᠷᠢᠵᠦ ᠲᠡᠵᠢᠬᠡᠬᠦ ᠲᠠᠯᠠᠪᠠᠶ᠂ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ᠂ ᠢᠳᠡᠭᠡᠨ ᠤᠮᠳᠠᠭᠠᠨ᠎ᠤ ᠠᠵᠤ ᠠᠬᠤᠢᠯᠠᠯ᠂ ᠵᠢᠵᠢᠭ ᠦᠶ᠋ᠯᠡᠳᠭᠡᠯ ᠵᠢᠵᠢᠭ ᠢᠳᠡᠭᠡᠨ ᠤᠮᠳᠠᠭᠠᠨ᠎ᠤ ᠭᠠᠵᠠᠷ ᠪᠠ ᠢᠳᠡᠭᠡᠨ ᠤᠮᠳᠠᠭᠠᠨᠦ ᠳᠡᠯᠭᠡᠭᠡ ᠮᠠᠢᠮᠠᠢ᠎ᠶ᠋ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠬᠦ᠌᠎ᠶ᠋ᠢᠨ ᠬᠠᠮᠲᠤ ᠢᠯᠡ᠎ᠪᠡᠷ ᠪᠠᠢᠴᠠᠭᠠᠵᠤ ᠨᠢᠭᠤᠴᠠ᠎ᠪᠡᠷ ᠰᠤᠷᠪᠤᠯᠵᠢᠯᠠᠬᠤ᠂ ᠰᠤᠭᠤᠴᠢᠨ ᠪᠠᠢᠴᠠᠭᠠᠬᠤ᠂ ᠠᠰᠠᠭᠤᠯᠲᠠ᠎ᠶ᠋ᠢᠨ ᠬᠠᠭᠤᠳᠠᠰᠤ᠎ᠪᠠᠷ ᠪᠠᠢᠴᠠᠭᠠᠬᠤ ᠵᠡᠷᠭᠡ ᠠᠷᠭ᠎ᠠ ᠬᠡᠯᠪᠡᠷᠢ᠎ᠪᠡᠷ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠬᠦᠴᠦᠯᠡᠨ ᠢᠯᠡᠷᠡᠭᠦᠯᠬᠦ᠌ ᠪᠠ ᠱᠢᠶ᠋ᠳᠪᠦᠷᠢᠯᠡᠵᠦ᠍᠂ ᠣᠯᠠᠨ ᠲᠦᠮᠡᠨ᠎ᠦ 《ᠢᠳᠡᠭᠡᠨ᠎ᠤ ᠠᠮᠤᠷ ᠲᠦᠪᠱᠢᠨ》 ᠢ᠋ ᠦᠨᠡᠨ ᠬᠦ᠌ ᠰᠠᠬᠢᠨ ᠬᠠᠮᠠᠭᠠᠯᠠᠪᠠ᠃
ᠬᠦᠯᠦᠰᠦᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ᠎ᠳᠤ ᠬᠠᠤᠯᠢ ᠲᠣᠭ᠍ᠲᠠᠭᠠᠭ᠍ᠰᠠᠨ ᠰᠠᠭᠤᠷᠢᠨ ᠳᠡᠭᠡᠷ᠎ᠡ᠂ ᠴᠠᠯᠢᠩ ᠥᠷᠢᠲᠦᠬᠦ᠌ ᠠᠰᠠᠭᠤᠳᠠᠯ᠎ᠢ ᠵᠠᠰᠠᠬᠤ ᠲᠤᠰᠭᠠᠶ ᠠᠵᠢᠯ᠎ᠤᠨ ᠮᠡᠳᠡᠭᠦᠯᠦᠯᠲᠡᠶ᠋ᠢᠮᠦᠷᠳᠡᠨ ᠰᠣᠨᠣᠰᠴᠤ᠌᠂ ᠬᠠᠤᠯᠢ ᠲᠣᠭ᠍ᠲᠠᠭᠠᠬᠤ᠎ᠳᠤ ᠬᠢᠨᠠᠯᠲᠠ ᠲᠠᠯᠪᠢᠬᠤ 《ᠬᠠᠮ ᠠᠷᠭ᠎ᠠ》 ᠪᠠᠷ ᠡᠬᠢ ᠡᠭᠦᠰᠦᠯ᠎ᠡᠴᠡ ᠨᠢ ᠵᠠᠰᠠᠬᠤ᠎ᠶ᠋ᠢ ᠴᠢᠩᠭᠠᠳᠭᠠᠨ᠂ ᠴᠠᠯᠢᠩ ᠥᠷᠢᠲᠦᠬᠦ᠌ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠪᠠ᠃ ᠡᠭᠦᠨ᠎ᠦ ᠬᠠᠮᠲᠤ ᠪᠠᠰᠠ ᠠᠵᠢᠯ ᠣᠯᠭᠣᠯᠲᠠ᠎ᠶ᠋ᠢ ᠠᠬᠢᠭᠤᠯᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠂ ᠤᠶᠤᠨ ᠰᠠᠨᠠᠭᠠᠨ᠎ᠤ ᠡᠷᠡᠭᠦᠯ ᠬᠠᠮᠠᠭᠠᠯᠠᠯ᠎ᠤᠨ ᠠᠵᠢᠯ ᠵᠡᠷᠭᠡ ᠠᠷᠠᠳ᠎ᠤᠨ ᠠᠮᠢᠳᠤᠷᠠᠯ᠎ᠤᠨ ᠶᠠᠪᠤᠳᠠᠯ᠎ᠳᠤ ᠬᠢᠨᠠᠯᠲᠠ ᠲᠠᠯᠪᠢᠵᠤ᠂ ᠠᠷᠠᠳ᠎ᠤᠨ ᠠᠮᠢᠳᠤᠷᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠦᠨᠡᠨ ᠬᠦ᠌ ᠬᠠᠷᠢᠭᠤᠯᠲᠠ ᠥᠭ᠌ᠪᠡ᠃
ᠣᠯᠠᠨ ᠲᠦᠮᠡᠨ᠎ᠦ ᠡᠮᠴᠢᠯᠡᠭᠡᠨ᠎ᠦ ᠬᠦᠷᠢᠶᠡᠨ᠎ᠳᠡᠬᠢ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠡᠮᠨᠡᠯᠭᠡ᠂ ᠡᠮ ᠡᠮᠨᠡᠯᠭᠡ᠎ᠶᠢᠨ ᠳᠠᠭᠠᠳᠬᠠᠯ᠂ ᠡᠮ᠎ᠤᠨ ᠵᠦᠢᠯ》 ᠤ᠋ᠨ ᠬᠠᠮᠵᠢᠯᠴᠠᠨ ᠬᠥᠭ᠌ᠵᠢᠬᠦ᠌ ᠪᠠ ᠵᠠᠰᠠᠬᠤ᠂ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠦ᠂ ᠴᠡᠭ ᠲᠣᠭ᠍ᠲᠠᠭᠠᠭ᠍ᠰᠠᠨ ᠵᠢᠵᠢᠭ᠌ᠯᠡᠨ ᠪᠤᠷᠤᠯᠠᠭᠤᠯᠬᠤ ᠡᠮ᠎ᠦᠨ ᠳᠡᠯᠭᠡᠭᠦᠷ ᠪᠠ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠱᠠᠲᠤ ᠬᠤᠪᠢᠶᠠᠨ ᠬᠠᠮᠢᠶᠠᠷᠬᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ ᠬᠢᠨᠠᠨ ᠵᠦᠪᠯᠡᠵᠦ᠂ ᠴᠡᠭ᠌ᠴᠡᠯᠡᠨ ᠰᠠᠢᠵᠢᠷᠠᠭᠤᠯᠤᠭᠰᠠᠨ ᠪᠠᠢᠳᠠᠯ᠎ᠢ ᠣᠯᠠᠨ ᠤᠳᠠᠭ᠎ᠠ ᠰᠤᠭᠤᠴᠢᠨ ᠪᠠᠢᠴᠠᠭᠠᠵᠤ ᠬᠢᠨᠠᠨ ᠬᠠᠷᠭᠤᠭᠤᠯᠤᠭᠠᠳ᠂ ᠠᠷᠠᠳ ᠣᠯᠠᠨ᠎ᠤ ᠡᠮ ᠬᠡᠷᠡᠭ᠌ᠯᠡᠬᠦ᠌᠎ᠳᠦ ᠨᠠᠩ ᠠᠮᠤᠷ ᠲᠦᠪᠱᠢᠨ᠂ ᠡᠮ ᠬᠤᠳᠠᠯᠳᠤᠨ ᠠᠪᠬᠤ᠎ᠳᠤ ᠨᠠᠩ ᠲᠥᠬᠥᠮ ᠪᠣᠯᠭᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠰᠢᠨ᠎ᠡ ᠪᠡᠷ ᠵᠠᠰᠠᠪᠤᠷᠢ ᠣᠷᠣᠭᠤᠯᠤᠭᠰᠠᠨ ᠬᠢᠨᠠᠯᠲᠠ ᠲᠠᠯᠪᠢᠬᠤ ᠬᠠᠤᠯᠢ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠤᠨ ᠲᠤᠬᠠᠢ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠬᠠᠲᠠᠭᠤ ᠴᠢᠨᠠᠷ ᠪᠠ ᠪᠣᠳᠠᠲᠤ ᠦᠷ᠎ᠡ ᠪᠦᠲᠦᠮᠵᠢ᠎ᠶᠢ ᠨᠡᠮᠡᠭᠳᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠠᠷᠭ᠎ᠠ》 ᠵᠢ ᠲᠤᠭᠲᠠᠭᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠤᠨ ᠳᠤᠮᠳᠠᠬᠢ ᠪᠠᠭᠤᠷᠠᠢ ᠭᠣᠭᠴᠣᠭ᠎ᠠ᠎ᠶᠢ ᠴᠢᠩᠭ᠎ᠠ ᠠᠩᠬᠠᠷᠴᠤ ᠪᠠᠢᠭᠠᠳ 22 ᠵᠦᠢᠯ᠎ᠦᠨ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠭᠤᠯᠭ᠎ᠠ ᠪᠠ ᠠᠷᠭ᠎ᠠ ᠮᠠᠶᠢᠭ᠋᠎ᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠪᠣᠳᠠᠲᠠᠢᠵᠢᠭᠤᠯᠬᠤ᠎ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠣᠢᠷ᠎ᠠ᠎ᠶᠢᠨ ᠵᠢᠯ᠎ᠦᠳ᠎ᠲᠦ ᠪᠦᠲᠦᠮᠵᠢᠲᠡᠶ ᠶᠠᠪᠤᠭᠳᠠᠵᠤ ᠪᠠᠢᠭ᠎ᠠ ᠬᠢᠨᠠᠯᠲᠠ ᠲᠠᠯᠪᠢᠬᠤ ᠠᠵᠢᠯ᠎ᠤᠨ ᠲᠤᠷᠰᠢᠯᠭ᠎ᠠ ᠠᠷᠭ᠎ᠠ ᠬᠢᠳᠡᠯ᠎ᠢ ᠳᠦᠷᠢᠮ᠎ᠦᠨ ᠬᠡᠯᠪᠡᠷᠢ᠎ᠪᠡᠷ ᠲᠣᠭᠲᠠᠪᠤᠷᠢᠵᠢᠭᠤᠯᠪᠠ᠃
ᠯᠠᠪᠯᠠᠨ ᠠᠰᠠᠭᠤᠬᠤ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠣᠯᠭᠣᠬᠤ᠂ ᠠᠵᠤ ᠠᠬᠤᠢᠯᠠᠯ᠎ᠢ ᠲᠤᠰᠠᠯᠠᠬᠤ᠂ ᠤᠰᠤ ᠠᠷᠪᠢᠯᠠᠬᠤ ᠵᠡᠷᠭᠡ ᠠᠵᠢᠯ᠎ᠤᠨ ᠲᠣᠭᠣᠷᠢᠨ᠎ᠳᠤ ᠲᠤᠰᠬᠠᠢ ᠰᠡᠳᠦᠪ᠎ᠢᠶᠡᠷ ᠯᠠᠪᠯᠠᠨ ᠠᠰᠠᠭᠤᠬᠤ᠎ᠶᠢ ᠥᠷᠨᠢᠭᠦᠯᠵᠦ᠂ ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠬᠠᠮᠢᠶᠠᠷᠤᠯᠲᠠ᠂ ᠤᠢ ᠰᠢᠭᠤᠢ ᠨᠤᠲᠤᠭ ᠪᠡᠯᠴᠢᠭᠡᠷ᠎ᠢ ᠡᠪᠳᠡᠬᠦ ᠵᠢ ᠲᠤᠰᠬᠠᠢ ᠵᠦᠢᠯ᠎ᠢᠶᠡᠷ ᠴᠡᠭᠴᠡᠯᠡᠨ ᠵᠠᠰᠠᠬᠤ᠂ ᠴᠠᠯᠢᠩ ᠥᠷᠢᠲᠦᠬᠦ ᠠᠰᠠᠭᠤᠳᠠᠯ᠎ᠢ ᠵᠠᠰᠠᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠳᠤᠭᠤᠢᠯᠠᠩ ᠬᠤᠪᠢᠶᠠᠨ 12 ᠤᠳᠠᠭ᠎ᠠ ᠯᠠᠪᠯᠠᠨ ᠠᠰᠠᠭᠤᠬᠤ᠎ᠶᠢ ᠥᠷᠨᠢᠭᠦᠯᠪᠡ᠃ 《ᠭᠣᠣᠯᠳᠠᠯᠭ᠎ᠠ ᠲᠠᠢ ᠬᠦᠮᠦᠰ᠎ᠤᠨ ᠠᠵᠢᠯ ᠣᠯᠭᠣᠯᠲᠠ᠎ᠶᠢᠨ ᠪᠠᠢᠳᠠᠯ ᠶᠠᠮᠠᠷ ᠵᠡᠷᠬᠡ ᠪᠠᠢᠬᠤ ᠪᠤᠶ?》᠂ 《ᠤᠢ ᠰᠢᠭᠤᠢ ᠨᠤᠲᠤᠭ ᠪᠡᠯᠴᠢᠭᠡᠷ᠎ᠢ ᠡᠪᠳᠡᠬᠦ ᠠᠰᠠᠭᠤᠳᠠᠯ᠎ᠢ ᠰᠢᠢᠳᠪᠦᠷᠢᠯᠡᠬᠦ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ?》 ᠁ ᠯᠠᠪᠯᠠᠨ ᠠᠰᠠᠭᠤᠬᠤ ᠶᠠᠪᠤᠴᠠ᠎ᠳᠤ ᠠᠰᠠᠭᠤᠯᠲᠠ ᠨᠢ ᠣᠨᠣᠪᠴᠢᠲᠠᠢ᠂ ᠬᠠᠷᠢᠭᠤᠯᠳᠠ ᠨᠢ ᠦᠨᠡᠨᠴᠢ ᠪᠠᠢᠪᠠ᠃ ᠡᠯ᠎ᠡ ᠲᠠᠯ᠎ᠠ᠎ᠶᠢᠨ ᠬᠢᠨ ᠠᠳᠠᠯᠢ ᠴᠢᠭᠯᠡᠯ᠎ᠢᠶᠡᠷ ᠬᠦᠴᠦᠯᠡᠵᠦ᠂ ᠠᠳᠠᠯᠢ ᠰᠡᠳᠦᠪ᠎ᠢ ᠬᠠᠮᠲᠤ ᠪᠠᠷ ᠬᠠᠷᠢᠭᠤᠯᠵᠤ᠂ ᠬᠣᠯᠪᠣᠭᠳᠠᠯ ᠪᠦᠬᠦᠢ ᠠᠵᠢᠯ᠎ᠤᠨ ᠢᠳᠡᠪᠬᠢᠲᠡᠢ ᠦᠷ᠎ᠡ ᠪᠦᠲᠦᠮᠵᠢ ᠣᠯᠬᠤ᠎ᠶᠢ ᠴᠢᠨᠠᠭᠰᠢᠳᠠ ᠠᠬᠢᠭᠤᠯᠪᠠ᠃
ᠬᠢᠨᠠᠯᠲᠠ ᠵᠢᠨ 《ᠰᠡᠭᠦᠯᠴᠢ᠎ᠶᠢᠨ ᠬᠠᠭᠠᠰ ᠠᠵᠢᠯ》 ᠢ᠋ ᠰᠠᠢᠲᠤᠷ ᠬᠢᠵᠦ᠂ ᠭᠠᠵᠠᠷ ᠳᠣᠣᠷᠠᠬᠢ ᠤᠰᠤ᠎ᠶᠢ ᠬᠠᠮᠠᠭᠠᠯᠠᠬᠤ ᠪᠠ ᠬᠠᠮᠢᠶᠠᠷᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠵᠣᠭᠰᠣᠭᠠᠵᠤ ᠰᠡᠯᠭᠦᠨ ᠮᠠᠯᠵᠢᠬᠤ᠂ ᠬᠣᠲᠠ ᠪᠠᠯᠭᠠᠰᠤ᠎ᠶᠢᠨ ᠢᠯᠴᠢ ᠬᠠᠩᠭᠠᠬᠤ ᠵᠡᠷᠭᠡ ᠪᠠᠢᠳᠠᠯ᠎ᠳᠤ ᠮᠥᠷᠳᠡᠨ ᠬᠢᠨᠠᠯᠲᠠ ᠲᠠᠯᠪᠢᠬᠤ᠎ᠶᠢ ᠥᠷᠨᠢᠭᠦᠯᠵᠦ᠂ ᠬᠢᠨᠠᠯᠲᠠ ᠲᠠᠯᠪᠢᠵᠤ ᠬᠢᠨᠠᠨ ᠵᠥᠪᠯᠡᠭᠰᠡᠨ ᠰᠠᠨᠠᠯ ᠪᠠ ᠠᠰᠠᠭᠤᠳᠠᠯ᠎ᠢ ᠢᠯᠡᠷᠡᠭᠦᠯᠵᠤ ᠴᠡᠭᠴᠡᠯᠡᠨ ᠰᠠᠢᠵᠢᠷᠠᠭᠤᠯᠬᠤ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢ ᠦᠷᠭᠦᠯᠵᠢᠯᠡᠨ ᠠᠨᠭᠬᠠᠷᠴᠦ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠦᠭᠡᠢ ᠪᠤᠯ ᠬᠢᠨᠠᠯᠲᠠ ᠲᠠᠯᠪᠢᠬᠤ᠎ᠶᠢ ᠵᠣᠭᠰᠤᠭᠠᠬᠤ ᠦᠭᠡᠢ ᠪᠠᠢᠬᠤ ᠵᠢ ᠪᠠᠲᠤᠯᠠᠪᠠ᠃
ᠳᠠᠷᠪᠠᠭᠤᠯ ᠬᠡᠢᠰᠬᠡᠵᠤ ᠠᠶᠠᠯᠠᠯ᠎ᠢᠶᠠᠨ ᠡᠬᠢᠯᠡᠭᠦᠯᠤᠨ ᠰᠢᠨ᠎ᠡ ᠪᠠᠢᠳᠠᠯ᠎ᠢ ᠨᠡᠭᠡᠭᠡᠵᠦ᠂ ᠰᠡᠳᠬᠢᠯ᠎ᠢᠶᠡᠨ ᠨᠢᠭᠡᠳᠬᠡᠵᠤ ᠬᠦᠴᠦ᠎ᠪᠡᠨ ᠬᠠᠮᠲᠤᠳᠬᠠᠨ ᠰᠢᠨ᠎ᠡ ᠬᠠᠭᠤᠳᠠᠰᠤ᠎ᠶᠢ ᠵᠢᠷᠤᠭᠯᠠᠨ᠎ᠠ᠃ 2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠤᠤᠷ᠎ᠠ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠢ ᠨᠢᠭ᠍ᠲᠠ ᠤᠶᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠢ ᠲᠠᠰᠤᠷᠠᠯᠲᠠ ᠦᠭᠡᠢ ᠴᠢᠩᠭᠠᠳᠬᠠᠨ ᠰᠠᠢᠵᠢᠷᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃