ᠰᠢ ᠵᠢᠨ ᠫᠢᠩ ᠠᠨᠭ᠌ᠭ᠌ᠯᠢ᠎ᠶ᠋ᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ
2026-01-30 09:16:23
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠱᠤᠤ ᠢ ᠪᠥᠸᠧ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 29 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠠᠨᠭ᠌ᠭ᠌ᠯᠢ᠎ᠶ᠋ᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠳᠤᠮᠳᠠᠳᠤ ᠠᠨᠭ᠌ᠭ᠌ᠯᠢ᠎ᠶ᠋ᠢᠨ ᠤᠷᠳᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠪᠠᠨ ᠬᠥᠭ᠌ᠵᠢᠭᠦᠯᠬᠦ᠌᠎ᠶ᠋ᠢ ᠵᠥᠪᠱᠢᠶᠡᠷᠡᠪᠡ᠃


2fb87d6d-960e-4813-9153-90bc987f5ac3.png


1 ᠰᠠᠷ᠎ᠠ᠎ᠶ᠋ᠢᠨ 29 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠠᠨᠭ᠌ᠭ᠌ᠯᠢ᠎ᠶ᠋ᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ  ᠯᠢ ᠰᠢᠶᠠᠩ  ᠰᠡᠬᠦᠳᠡᠷᠯᠡᠪᠡ


ᠰᠢ ᠵᠢᠨ ᠫᠢᠩ᠂ ᠣᠳᠣᠬᠠᠨ᠎ᠤ ᠳᠡᠯᠡᠬᠡᠢ᠎ᠶ᠋ᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠵᠤ᠂ ᠳᠤᠮᠳᠠᠳᠤ ᠠᠨᠭ᠌ᠭ᠌ᠯᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯ ᠦᠭᠡᠢ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠠ ᠳᠡᠯᠡᠬᠡᠢ᠎ᠶ᠋ᠢᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ ᠪᠣᠯᠤᠭ᠍ᠰᠠᠨ᠎ᠤ ᠬᠤᠪᠢ᠎ᠳᠤ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ ᠳ᠋ᠤ ᠴᠤ᠌ ᠲᠡᠷᠡ᠂ ᠬᠣᠶᠠᠷ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠢ ᠠᠬᠢᠭᠤᠯᠬᠤ ᠳ᠋ᠤ ᠴᠤ᠌ ᠲᠡᠷᠡ᠂ ᠴᠥᠮ ᠶᠠᠷᠢᠯᠴᠠᠭ᠎ᠠ ᠪᠠ ᠬᠠᠮᠲᠤᠷᠠᠯᠴᠠᠭ᠎ᠠ᠎ᠪᠠᠨ ᠴᠢᠩᠭᠠᠳᠭᠠᠬᠤ ᠴᠢᠬᠤᠯᠠᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠠᠨᠭ᠌ᠭ᠌ᠯᠢ᠎ᠶ᠋ᠢᠨ᠎ᠬᠢᠨ᠎ᠯᠤᠭᠡ ᠶᠡᠬᠡ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠵᠥᠷᠢᠯᠳᠦᠭᠡᠨ᠎ᠢ ᠳᠠᠪᠠᠵᠤ᠂ ᠬᠠᠷᠢᠯᠴᠠᠨ ᠬᠦᠨᠳᠦᠳᠭᠡᠵᠦ᠍᠂ ᠳᠤᠮᠳᠠᠳᠤ ᠠᠨᠭ᠌ᠭ᠌ᠯᠢ᠎ᠶ᠋ᠢᠨ ᠬᠠᠮᠲᠤᠷᠠᠯᠴᠠᠭ᠎ᠠ᠎ᠶ᠋ᠢᠨ 《ᠶᠡᠬᠡ ᠦᠢᠯᠡᠰ ᠪᠦᠲᠦᠭᠡᠵᠦ᠍ ᠪᠣᠯᠬᠤ》 ᠳᠠᠯᠳᠠ ᠬᠦᠴᠦᠨ᠎ᠢ 《ᠶᠡᠬᠡ ᠦᠢᠯᠡᠰ ᠪᠦᠲᠦᠭᠡᠬᠦ》 ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠳᠤᠮᠳᠠᠳᠤ ᠠᠨᠭ᠌ᠭ᠌ᠯᠢ᠎ᠶ᠋ᠢᠨ ᠬᠠᠷᠢᠯᠴᠠᠭ᠎ᠠ ᠪᠣᠯᠤᠨ ᠬᠠᠮᠲᠤᠷᠠᠯᠴᠠᠭ᠎ᠠ᠎ᠵᠢᠨ ᠱᠢᠨ᠎ᠡ ᠪᠠᠢᠳᠠᠯ᠎ᠢ ᠨᠡᠭᠡᠭᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌᠎ᠪᠦᠭᠡᠳ ᠪᠠᠰᠠ ᠳᠡᠯᠡᠬᠡᠢ ᠳ᠋ᠠᠬᠢᠨ᠎ᠳᠤ ᠠᠱᠢᠭ ᠬᠦᠷᠲᠡᠭᠡᠨ᠎ᠡ ᠭᠡᠵᠦ᠍ ᠵᠢᠭᠠᠵᠤ ᠭᠠᠷᠭᠠᠪᠠ᠃

ᠰᠢ ᠵᠢᠨ ᠫᠢᠩ᠂ ᠢᠲᠡᠭᠡᠯᠴᠡᠭᠡ ᠪᠣᠯ ᠤᠯᠤᠰ᠎ᠤᠨ ᠬᠤᠭᠤᠷᠤᠨᠲᠤᠬᠢ ᠬᠠᠷᠢᠯᠴᠠᠭ᠎ᠠ᠎ᠶ᠋ᠢᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢᠨ ᠰᠠᠭᠤᠷᠢ ᠮᠥᠨ᠃ ᠳᠤᠮᠳᠠᠳᠤ ᠤᠯᠤᠰ ᠢᠮᠠᠬᠳᠠ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠶᠡᠷᠦ᠍᠎ᠡᠴᠡ ᠨᠢᠭᠡ ᠴᠤ᠌ ᠤᠳᠠᠭ᠎ᠠ ᠵᠢᠨ ᠲᠠᠢ᠌ᠨ᠎ᠢ ᠰᠠᠨᠠᠭᠠᠴᠢᠯᠠᠭ᠎ᠠ᠎ᠡᠴᠡ᠎ᠪᠠᠨ ᠡᠭᠦᠰᠭᠡᠵᠦ᠍ ᠥᠩᠭᠡᠷᠡᠭ᠌ᠰᠡᠨ ᠦᠭᠡᠢ᠂ ᠪᠤᠰᠤᠳ ᠤᠯᠤᠰ᠎ᠤᠨ ᠢᠮᠠᠬᠤ᠎ᠶ᠋ᠢᠨ ᠲᠡᠳᠦᠢ ᠭᠠᠵᠠᠷ᠎ᠨᠤᠳᠤᠭ ᠢ᠋ ᠴᠤ᠌ ᠲᠦᠷᠢᠮᠡᠬᠡᠢᠯᠡᠨ ᠡᠵᠡᠯᠡᠵᠦ᠍ ᠥᠩᠭᠡᠷᠡᠭ᠌ᠰᠡᠨ ᠦᠭᠡᠢ᠂ ᠳᠤᠮᠳᠠᠳᠤ ᠤᠯᠤᠰ ᠬᠡᠷᠬᠢᠨ ᠬᠥᠭ᠌ᠵᠢᠨ ᠪᠤᠵᠠᠭᠠᠢ᠌ᠷᠠᠬ᠍ᠰᠠᠨ ᠴᠤ᠌ ᠪᠤᠰᠤᠳ ᠤᠯᠤᠰ᠎ᠲᠤ ᠰᠦᠷᠳᠡᠭᠦᠯᠦᠯ ᠪᠣᠯᠬᠤ ᠦᠭᠡᠢ ᠶᠤᠮ᠃ ᠳᠤᠮᠳᠠᠳᠤ ᠤᠯᠤᠰ᠎ᠤᠨ ᠰᠣᠶᠣᠯ᠎ᠤᠨ ᠤᠯᠠᠮᠵᠢᠯᠠᠯ ᠪᠣᠯ 《ᠡᠶ᠎ᠠ ᠡᠪ ᠢ᠋ ᠡᠷᠬᠢᠮᠯᠡᠬᠦ》 ᠪᠤᠯᠤᠨ᠎ᠠ᠂ 《ᠨᠠᠢᠷᠠᠮᠳᠠᠭᠤ ᠠᠳᠠᠯ᠎ᠠ ᠢᠯᠭᠠᠭ᠎ᠠ ᠲᠠᠢ》 ᠪᠠᠢᠬᠤ ᠵᠢ ᠬᠦᠭᠡᠭᠡᠴᠡᠯᠳᠦᠳᠡᠭ᠃ ᠳᠤᠮᠳᠠᠳᠤ ᠠᠨᠭ᠌ᠭ᠌ᠯᠢ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠮᠥᠨ ᠴᠢᠨᠠᠷ ᠪᠣᠯ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌ ᠶᠠᠪᠤᠳᠠᠯ ᠪᠣᠯᠤᠨ᠎ᠠ᠃ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠬᠣᠶᠠᠷ ᠲᠠᠯ᠎ᠠ᠎ᠪᠠᠷ᠎ᠢᠶᠠᠨ ᠰᠤᠷᠭᠠᠨ ᠬᠥᠮᠦᠵᠢᠯ᠂ ᠡᠮ ᠡᠮᠨᠡᠯᠭᠡ᠂ ᠮᠥᠩᠭᠥᠨ ᠭᠦᠢᠯᠭᠡᠭᠡᠨ᠂ ᠦᠢᠯᠡᠴᠢᠯᠡᠭᠡᠨ᠎ᠦ ᠦᠢᠯᠡᠰ᠎ᠦᠨ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ᠂ ᠱᠢᠨ᠎ᠡ ᠡᠨᠧᠷᠭᠢ ᠪᠣᠯᠤᠨ ᠪᠠᠭ᠎ᠠ ᠨᠡᠭᠦᠷᠡᠰᠦᠲᠥ᠋ᠷᠥᠭ᠌ᠴᠢᠳᠤ ᠮᠡᠷᠭᠡᠵᠢᠯ ᠵᠡᠷᠭᠡ ᠬᠦᠷᠢᠶᠡᠨ᠎ᠳ᠋ᠡᠬᠢ ᠬᠠᠮᠲᠤᠷᠠᠭ᠍ᠰᠠᠨ ᠰᠤᠳᠤᠯᠭᠠᠨ ᠪᠣᠯᠤᠨ ᠠᠵᠤ ᠦᠢᠯᠡᠰ᠎ᠦᠨ ᠣᠨᠳᠣᠣᠱᠢᠭᠤᠯᠤᠯᠲᠠ᠎ᠶ᠋ᠢ ᠥᠷᠨᠢᠭᠦᠯᠵᠦ᠍᠂ ᠬᠠᠮᠲᠤ᠎ᠶ᠋ᠢᠨ ᠬᠥᠭ᠌ᠵᠢᠯ ᠴᠡᠴᠡᠭ᠌ᠯᠡᠯ᠎ᠢ ᠪᠡᠶᠡᠯᠡᠭᠦᠯᠦᠶ᠎ᠡ᠃ ᠠᠨᠭ᠌ᠭ᠌ᠯᠢ᠎ᠶ᠋ᠢᠨ ᠬᠢᠨ ᠳᠤᠮᠳᠠᠳᠤ ᠤᠯᠤᠰ᠎ᠤᠨ ᠠᠵᠤ ᠠᠬᠤᠢᠯᠠᠯ᠎ᠳᠤ ᠡᠷᠬᠡ ᠲᠡᠭ᠌ᠰᠢ᠂ ᠲᠥᠪ ᠭᠣᠣᠯᠴᠢ᠂ ᠦᠯᠤ ᠭᠠᠳᠠᠭᠤᠷᠴᠢᠯᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠬᠠᠩᠭᠠᠬᠤ᠎ᠶ᠋ᠢ ᠬᠦᠰᠡᠵᠦ᠍ ᠪᠠᠢᠨ᠎ᠠ᠃ ᠳᠤᠮᠳᠠᠳᠤ ᠠᠨᠭ᠌ᠭ᠌ᠯᠢ ᠪᠣᠯ ᠴᠥᠮ ᠰᠣᠶᠣᠯ᠎ᠤᠨ ᠲᠣᠮᠣ ᠤᠯᠤᠰ ᠮᠥᠨ᠂ ᠴᠥᠮ ᠬᠥᠮᠦᠨ ᠲᠥᠷᠥᠯᠬᠢᠲᠡᠨ᠎ᠦ ᠬᠥᠭ᠌ᠵᠢᠯᠲᠡ ᠳᠠᠪᠱᠢᠯᠲᠠ᠎ᠳᠤ ᠴᠢᠬᠤᠯᠠ ᠬᠤᠪᠢ ᠨᠡᠮᠡᠷᠢ ᠦᠵᠡᠭᠦᠯᠵᠦ᠍ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠬᠥᠮᠦᠰ᠎ᠦᠨ ᠶᠠᠪᠤᠯᠴᠠᠭ᠎ᠠ᠎ᠳᠤ ᠤᠯᠠᠮ ᠨᠢᠭᠡ ᠠᠯᠬᠤᠮ ᠲᠦᠬᠦᠮ ᠦᠵᠡᠭᠦᠯᠦᠶ᠎ᠡ᠃ ᠠᠨᠭ᠌ᠭ᠌ᠯᠢ᠎ᠶ᠋ᠢᠨ ᠵᠠᠰᠠᠭ᠎ᠤᠨ ᠣᠷᠳᠣᠨ᠂ ᠵᠥᠪᠯᠡᠯᠭᠡᠨ᠎ᠦ ᠬᠤᠷᠠᠯ᠂ ᠣᠷᠣᠨ ᠨᠤᠲᠤᠭ᠎ᠤᠨ ᠡᠯ᠎ᠡ ᠡᠲᠡᠭᠡᠳ᠎ᠦᠨ ᠬᠢᠨ᠎ᠦ ᠳᠤᠮᠳᠠᠳᠤ ᠤᠯᠤᠰ᠎ᠲᠤ ᠢᠯᠡᠭᠦᠬᠡᠨ ᠢᠷᠡᠵᠦ᠍ ᠠᠢᠯᠴᠢᠯᠠᠯᠲᠠ ᠬᠢᠵᠦ᠍᠂ ᠳᠤᠮᠳᠠᠳᠤ ᠤᠯᠤᠰ᠎ᠤᠨ ᠲᠤᠬᠠᠶ ᠪᠦᠬᠦ᠌ ᠲᠠᠯ᠎ᠠ᠎ᠶ᠋ᠢᠨ᠂ ᠪᠤᠰᠤᠳᠴᠢ᠂ ᠵᠥᠪ ᠣᠨᠣᠪᠴᠢᠲᠠᠶ ᠲᠠᠨᠢᠯᠲᠠ᠎ᠪᠠᠨ ᠨᠡᠮᠡᠭ᠌ᠳᠡᠭᠦᠯᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ᠃ ᠳᠤᠮᠳᠠᠳᠤ ᠤᠯᠤᠰ ᠳᠤᠷᠠᠲᠠᠶ᠎ᠠ ᠠᠨᠭ᠌ᠭ᠌ᠯᠢ᠎ᠳᠤ ᠭᠠᠭ᠍ᠴᠠ ᠲᠠᠯ᠎ᠠ᠎ᠵᠢᠨ ᠦᠯᠤ ᠸᠢᠰᠠᠯᠠᠬᠤ ᠵᠢ ᠢᠳᠡᠪᠬᠢᠲᠡᠶ ᠪᠣᠳᠣᠯᠬᠢᠯᠠᠨ᠎ᠠ ᠭᠡᠵᠤ ᠴᠢᠬᠤᠯᠠᠴᠢᠯᠠᠪᠠ᠃

ᠰᠢ ᠵᠢᠨ ᠫᠢᠩ᠂ ᠬᠡᠰᠡᠭ ᠬᠤᠭᠤᠴᠠᠭᠠᠨ᠎ᠤ ᠲᠤᠷᠰᠢ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠬᠦᠴᠦᠷᠬᠡᠭ᠌ᠯᠡᠯ᠎ᠦᠨ ᠤᠯᠤᠰ ᠲᠦᠷᠦ᠍ ᠶᠡᠬᠡ᠎ᠪᠡᠷ ᠰᠠᠮᠠᠭᠤᠷᠠᠵᠤ᠂ ᠤᠯᠠᠨ ᠤᠯᠤᠰ᠎ᠤᠨ ᠡᠮᠬᠢ ᠳᠢᠭ᠌ᠯᠢᠮ ᠬᠦᠨᠳᠦ ᠨᠣᠴᠢᠲᠠᠢ ᠲᠠᠭᠠᠷᠢᠯᠳᠠ᠎ᠳᠤ ᠤᠴᠠᠷᠠᠪᠠ᠃ ᠤᠯᠠᠨ ᠤᠯᠤᠰ᠎ᠤᠨ ᠬᠠᠤᠯᠢ᠎ᠶ᠋ᠢ ᠡᠯ᠎ᠡ ᠤᠯᠤᠰ ᠴᠥᠮ ᠵᠢᠷᠤᠮᠯᠠᠨ ᠰᠠᠬᠢᠪᠠᠯ ᠰᠠᠶᠢ ᠵᠢᠩᠬᠢᠨᠢ ᠬᠦᠴᠦᠨ᠎ᠲᠡᠶ ᠪᠤᠯᠵᠤ ᠴᠢᠳᠠᠨ᠎ᠠ᠂ ᠲᠤᠮᠤ ᠤᠯᠤᠰ ᠨᠡᠩ ᠴᠤ᠌ ᠲᠦᠷᠦᠭᠦᠯᠡᠨ ᠬᠢᠬᠦ᠌ ᠬᠡᠷᠡᠭ᠌ᠲᠡᠢ᠂ ᠡᠰᠡ ᠲᠡᠭᠡᠪᠡᠯ ᠪᠠᠯᠠᠷ ᠤᠢ ᠵᠢᠨ ᠶᠢᠷᠲᠢᠨᠴᠦ᠍᠎ᠳᠦ ᠪᠤᠴᠠᠬᠤ ᠪᠣᠯᠤᠨ᠎ᠠ᠃ ᠳᠤᠮᠳᠠᠳᠤ ᠠᠨᠭ᠌ᠭ᠌ᠯᠢ ᠪᠦᠷ ᠤᠯᠠᠨ ᠲᠠᠯᠠᠲᠤ ᠦᠵᠡᠯ ᠪᠣᠯᠤᠨ ᠴᠢᠯᠥᠭᠡᠲᠦ ᠠᠷᠠᠯᠵᠢᠶ᠎ᠠ᠎ᠶ᠋ᠢ ᠳᠡᠮᠵᠢᠵᠦ᠍ ᠪᠠᠢᠨ᠎ᠠ᠂ ᠵᠢᠩᠬᠢᠨᠢ ᠤᠯᠠᠨ ᠲᠠᠯᠠᠲᠤ ᠦᠵᠡᠯ᠎ᠢ ᠬᠠᠮᠲᠤ᠎ᠪᠠᠷ ᠰᠠᠨᠠᠭᠠᠴᠢᠯᠠᠨ ᠦᠢᠯᠡᠳᠦᠯᠭᠡᠵᠢᠭᠦᠯᠵᠦ᠍᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠡᠷᠬᠡ ᠲᠡᠭ᠌ᠰᠢ ᠡᠮᠬᠢ ᠵᠢᠷᠤᠮ᠎ᠲᠠᠶ ᠤᠯᠠᠨ ᠲᠦᠢᠯᠵᠢᠯᠲᠠ ᠪᠠ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠢ ᠳᠡᠯᠡᠬᠡᠢᠵᠢᠯᠲᠡ᠎ᠶ᠋ᠢ ᠪᠡᠶᠡᠯᠡᠭᠦᠯᠪᠡᠯ ᠵᠣᠬᠢᠨ᠎ᠠ ᠭᠡᠵᠤ ᠵᠢᠭᠠᠵᠤ ᠭᠠᠷᠭᠠᠪᠠ᠃ 

ᠰᠲ᠋ᠠᠮᠦ᠋ᠸᠸ ᠤᠯᠤᠰ᠎ᠤᠨ ᠸᠠᠩ ᠴᠠᠷᠯᠸᠰ ᠭᠤᠷᠪᠠᠳᠤᠭᠠᠷ᠎ᠤᠨ ᠲᠡᠷᠢᠭᠦᠯᠡᠭ᠌ᠴᠢ ᠰᠢ ᠵᠢᠨ ᠫᠢᠩ᠎ᠳᠦ ᠳᠡᠪᠱᠢᠭᠦᠯᠦᠭ᠌ᠰᠡᠨ ᠮᠡᠨᠳᠦᠴᠢᠯᠡᠯ᠎ᠢ ᠳᠠᠮᠵᠢᠭᠤᠯᠪᠠ᠃ ᠰᠲ᠋ᠠᠮᠦ᠋ᠸᠸ᠂ 8 ᠵᠢᠯ᠎ᠦᠨ ᠲᠤᠷᠰᠢ ᠳᠤᠮᠳᠠᠳᠤ ᠤᠯᠤᠰ᠎ᠲᠤ ᠠᠢᠯᠴᠢᠯᠠᠭ᠍ᠰᠠᠨ ᠠᠩᠬᠠᠳᠠᠭ᠍ᠴᠢ ᠠᠨᠭ᠌ᠭ᠌ᠯᠢ᠎ᠶ᠋ᠢᠨ ᠲᠡᠷᠢᠭᠦᠨ ᠰᠠᠢᠳ ᠪᠣᠯᠤᠭ᠍ᠰᠠᠨ᠎ᠳᠠᠭᠠᠨ ᠮᠠᠰᠢ ᠪᠠᠶᠠᠷ ᠲᠠᠢ ᠪᠠᠢᠨ᠎ᠠ᠃ ᠡᠨᠡ ᠤᠳᠠᠭ᠎ᠠ ᠪᠢ ᠠᠨᠭ᠌ᠭ᠌ᠯᠢ᠎ᠶ᠋ᠢᠨ 60 ᠭᠠᠷᠤᠢ ᠴᠢᠬᠤᠯᠠ ᠦᠢᠯᠡᠳᠪᠦᠷᠢ ᠬᠤᠳᠠᠯᠳᠤᠭ᠎ᠠ᠂ ᠰᠣᠶᠣᠯ᠎ᠤᠨ ᠡᠲᠡᠭᠡᠳ᠎ᠦᠨ ᠲᠥᠯᠥᠭᠡᠯᠡᠭ᠌ᠴᠢ᠎ᠶ᠋ᠢ ᠳᠠᠭᠠᠭᠤᠯᠤᠨ ᠳᠤᠮᠳᠠᠳᠤ ᠤᠯᠤᠰ᠎ᠲᠤ ᠠᠢᠯᠴᠢᠯᠠᠭ᠍ᠰᠠᠨ ᠨᠢ ᠠᠨᠭ᠌ᠭ᠌ᠯᠢ ᠳᠤᠮᠳᠠᠳᠤ᠎ᠶ᠋ᠢᠨ ᠬᠠᠮᠲᠤᠷᠠᠯᠴᠠᠭᠠᠨ᠎ᠤ ᠥᠷᠭᠡᠴᠡ ᠪᠣᠯᠤᠨ ᠠᠨᠭ᠌ᠭ᠌ᠯᠢ᠎ᠶ᠋ᠢᠨ ᠬᠢᠨ᠎ᠦ ᠳᠤᠮᠳᠠᠳᠤ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠎ᠪᠡᠷ ᠴᠢᠷᠮᠠᠢᠬᠤ ᠵᠣᠷᠢᠭ᠎ᠢ ᠭᠦᠢᠴᠡᠳ ᠢᠯᠡᠷᠡᠭᠦᠯᠪᠡ᠃ ᠠᠨᠭ᠌ᠭ᠌ᠯᠢ ᠳᠤᠮᠳᠠᠳᠤ ᠪᠣᠯ ᠳᠡᠯᠡᠬᠡᠢ᠎ᠶ᠋ᠢᠨ ᠴᠢᠬᠤᠯᠠ ᠠᠵᠤ ᠠᠬᠤᠢ᠎ᠶ᠋ᠢᠨ ᠴᠣᠭ᠍ᠴᠠ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯ ᠦᠭᠡᠢ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠣᠯᠤᠨ᠎ᠠ᠂ ᠣᠳᠣᠬᠠᠨ᠎ᠤ ᠣᠷᠣᠭ᠎ᠠ ᠪᠤᠰᠭᠠᠭ᠎ᠠ ᠬᠡᠪᠡᠷᠡᠭ ᠪᠠᠭᠤᠷᠠᠢ ᠳᠡᠯᠡᠬᠡᠢ᠎ᠶ᠋ᠢᠨ ᠪᠠᠢᠳᠠᠯ ᠳᠣᠣᠷ᠎ᠠ᠂ ᠠᠨᠭ᠌ᠭ᠌ᠯᠢ᠎ᠶ᠋ᠢᠨ ᠬᠢᠨ ᠬᠠᠷᠢᠯᠴᠠᠨ ᠬᠦᠨᠳᠦᠳᠭᠡᠬᠦ᠌᠂ ᠬᠠᠷᠢᠯᠴᠠᠨ ᠢᠲᠡᠭᠡᠯᠴᠡᠬᠦ᠌ ᠵᠣᠷᠢᠭ ᠰᠠᠨᠠᠭ᠎ᠠ᠎ᠪᠠᠷ ᠳᠤᠮᠳᠠᠳᠤ ᠤᠯᠤᠰ ᠯᠤᠭ᠎ᠠ ᠤᠷᠳᠤ ᠬᠤᠭᠤᠴᠠᠭᠠᠨ᠎ᠤ ᠲᠣᠭ᠍ᠲᠠᠭᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠬᠤ ᠨᠢ ᠲᠤᠢᠯ᠎ᠤᠨ ᠴᠢᠬᠤᠯᠠ ᠶᠤᠮ᠃ ᠠᠨᠭᠭ᠌ᠯᠢ ᠵᠢᠨ ᠬᠢᠨ ᠤ᠋ ᠲᠠᠢᠸᠠᠨ᠎ᠤ ᠠᠰᠠᠭᠤᠳᠠᠯ᠎ᠤᠨ ᠲᠠᠯ᠎ᠠ᠎ᠪᠠᠷ ᠤᠷᠳᠦ ᠬᠤᠭᠤᠴᠠᠭ᠎ᠠ ᠪᠠᠷᠢᠮᠲᠠᠯᠠᠭ᠍ᠰᠠᠭᠠᠷ ᠢᠷᠡᠭ᠌ᠰᠡᠨ ᠲᠦᠷᠦ᠎ᠶ᠋ᠢᠨ ᠪᠤᠳᠦᠯᠭ᠎ᠠ ᠬᠤᠪᠢᠷᠡᠬ᠍ᠰᠡᠠ ᠤᠢ᠍ᠭᠡᠢ ᠪᠥᠭᠡᠳ ᠬᠤᠪᠢᠷᠡᠬᠤ ᠴᠤ᠌ ᠤᠢ᠍ᠭᠡᠢ ᠶᠤᠮ᠃ ᠠᠨᠭ᠌ᠭ᠌ᠯᠢ᠎ᠶ᠋ᠢᠨ ᠬᠢᠨ ᠳᠤᠷᠠᠲᠠᠶ᠎ᠠ ᠳᠤᠮᠳᠠᠳᠤ᠎ᠤᠯᠤᠰ ᠯᠤᠭ᠎ᠠ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠪᠠᠲᠤᠯᠠᠵᠤ᠂ ᠶᠠᠷᠢᠯᠴᠠᠭ᠎ᠠ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠥᠨ ᠭᠦᠢᠯᠭᠡᠭᠡᠨ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠲᠤᠰ ᠲᠤᠰ᠎ᠤᠨ᠎ᠢᠶᠠᠨ ᠠᠵᠤ ᠠᠬᠤᠢ᠎ᠶ᠋ᠢᠨ ᠨᠡᠮᠡᠭ᠌ᠳᠡᠯ᠎ᠳᠦ ᠬᠦᠴᠦᠨ ᠨᠡᠮᠡᠷᠢᠯᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ᠃ ᠠᠷᠠᠳ ᠲᠦᠮᠡᠨ᠎ᠦ ᠶᠠᠪᠤᠯᠴᠠᠭ᠎ᠠ ᠤᠯᠠᠮ ᠨᠢᠭ᠍ᠲᠠ ᠪᠣᠯᠬᠤ ᠲᠤᠲᠤᠮ ᠣᠢᠯᠠᠭᠠᠯᠴᠠᠭ᠎ᠠ᠎ᠪᠠᠨ ᠨᠡᠮᠡᠭ᠌ᠳᠡᠭᠦᠯᠬᠦ᠌᠎ᠳᠦ ᠤᠯᠠᠮ ᠠᠱᠢᠭ᠍ᠲᠠᠶ ᠪᠣᠯᠤᠨ᠎ᠠ᠂ ᠠᠨᠭ᠌ᠭ᠌ᠯᠢ᠎ᠶ᠋ᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤ᠎ᠪᠠᠷ ᠬᠣᠶᠠᠷ ᠤᠯᠤᠰ᠎ᠤᠨ ᠬᠠᠤᠯᠢ ᠲᠣᠭ᠍ᠲᠠᠭᠠᠬᠤ ᠪᠠᠢᠭᠤᠯᠤᠮᠵᠢ ᠵᠡᠷᠭᠡ ᠡᠯ᠎ᠡ ᠡᠲᠡᠭᠡᠳ᠎ᠦᠨ ᠶᠠᠪᠤᠯᠴᠠᠭ᠎ᠠ᠎ᠪᠠᠨ ᠴᠢᠩᠭᠠᠳᠭᠠᠬᠤ᠎ᠶ᠋ᠢ ᠠᠬᠢᠭᠤᠯᠤᠨ᠎ᠠ᠃ ᠱᠢᠶᠠᠩᠭᠠᠩ᠎ᠤᠨ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠨᠢ ᠬᠣᠶᠠᠷ ᠤᠯᠤᠰ᠎ᠤᠨ ᠬᠠᠮᠲᠤ᠎ᠶ᠋ᠢᠨ ᠠᠱᠢᠭ ᠲᠤᠰᠠ᠎ᠳᠤ ᠨᠡᠢᠴᠡᠨ᠎ᠡ᠂ ᠱᠢᠶᠠᠩᠭᠠᠩ᠎ᠨᠢ ᠠᠨᠭ᠌ᠭ᠌ᠯᠢ ᠳᠤᠮᠳᠠᠳᠤ᠎ᠶ᠋ᠢᠨ ᠬᠣᠭᠣᠷᠣᠨᠳᠣᠬᠢ ᠥᠪᠡᠷᠮᠢᠴᠡ ᠴᠢᠬᠤᠯᠠ ᠬᠥᠭᠥᠷᠭᠡ ᠬᠣᠯᠪᠣᠭᠠᠰᠤ ᠪᠣᠯᠤᠭ᠍ᠰᠠᠨ᠎ᠢ ᠠᠨᠭᠭ᠌ᠯᠢ ᠵᠢᠨ ᠬᠢᠨ ᠣᠯᠵᠤ ᠬᠠᠷᠠᠬᠤ ᠳᠤᠷᠠᠲᠠᠶ ᠪᠠᠢᠨ᠎ᠠ᠃ ᠳᠤᠮᠳᠠᠳᠤ ᠤᠯᠤᠰ ᠤᠯᠠᠨ ᠤᠯᠤᠰ᠎ᠤᠨ ᠬᠡᠷᠡᠭ ᠶᠠᠪᠤᠳᠠᠯ᠎ᠳᠤ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠵᠦ᠍ ᠪᠠᠢᠨ᠎ᠠ᠂ ᠠᠨᠭ᠌ᠭ᠌ᠯᠢ᠎ᠶ᠋ᠢᠨ ᠬᠢᠨ ᠳᠤᠷᠠᠲᠠᠶ᠎ᠠ ᠳᠤᠮᠳᠠᠳᠤ᠎ᠤᠯᠤᠰ ᠯᠤᠭ᠎ᠠ ᠠᠭᠤᠷ ᠠᠮᠢᠰᠭᠤᠯ᠎ᠤᠨ ᠬᠤᠪᠢᠷᠠᠯᠲᠠ ᠵᠡᠷᠭᠡ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠢ ᠠᠷᠭᠠᠴᠠᠭᠠᠬᠤ ᠲᠠᠯ᠎ᠠ᠎ᠪᠠᠷ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠲᠤ᠎ᠪᠠᠷ ᠬᠠᠮᠠᠭᠠᠯᠠᠨ᠎ᠠ ᠭᠡᠵᠦ᠍ ᠢᠯᠡᠳᠭᠡᠪᠡ᠃

ᠸᠠᠩ ᠢ ᠠᠭᠤᠯᠵᠠᠯᠲᠠ᠎ᠳᠤ ᠣᠷᠣᠯᠴᠠᠵᠠᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 29 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号