ᠯᠢᠶᠣᠤ ᠰᠢ ᠯᠦᠩ ᠨᠥᠬᠥᠷ ᠨᠠᠰᠤ ᠪᠠᠷᠠᠪᠠ
2026-01-30 17:02:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢᠶᠣᠤ ᠰᠢ ᠯᠦᠩ ᠨᠥᠬᠥᠷ᠎ᠦᠨ ᠡᠪᠡᠳᠴᠢᠨ ᠬᠦᠨᠳᠦ ᠪᠠᠢᠭᠰᠠᠨ ᠬᠤᠭᠤᠴᠠᠭᠠᠨ᠎ᠳᠤ ᠪᠠ ᠨᠠᠰᠤ ᠪᠠᠷᠠᠭᠰᠠᠨ᠎ᠤ ᠲᠠᠷᠠᠭ᠎ᠠ᠂ ᠰᠢ᠎ᠶᠢᠨ ᠫᠢᠩ  ᠯᠢ ᠴᠢᠶᠠᠩ ᠵᠤᠤ ᠯᠸ ᠵᠢᠢ  ᠸᠠᠩ ᠬ᠍ᠤ ᠨᠢᠩ  ᠼᠠᠢ ᠴᠢ ᠳ᠋ᠢᠩ  ᠰᠢᠦᠸᠠᠢ ᠰᠢᠶᠠᠩ  ᠯᠢ ᠰᠢ  ᠬᠠᠨ ᠵᠧᠩ  ᠬ᠍ᠤ ᠵᠢᠨ ᠲᠤᠤ ᠵᠡᠷᠭᠡ ᠨᠥᠬᠥᠳ ᠡᠮᠨᠡᠯᠭᠡ᠎ᠶᠢᠨ ᠬᠣᠷᠢᠶ᠎ᠠ᠎ᠳᠤ ᠬᠦᠷᠴᠦ ᠪᠤᠯᠭᠤᠭᠠᠨ ᠦᠵᠡᠭᠰᠡᠨ ᠪᠤᠶᠤ ᠤᠯᠠᠨ ᠬᠡᠯᠪᠡᠷᠢ᠎ᠪᠡᠷ ᠯᠢᠶᠣᠤ ᠰᠢ ᠯᠦᠩ ᠨᠥᠬᠥᠷ᠎ᠦᠨ ᠨᠠᠰᠤ ᠪᠠᠷᠠᠭᠰᠠᠨ᠎ᠳᠤ ᠭᠦᠨ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠬᠦ᠎ᠶᠢᠨ ᠬᠠᠮᠲᠤ ᠲᠡᠭᠦᠨ᠎ᠤ ᠲᠦᠷᠦᠯ ᠰᠠᠳᠤᠨ᠎ᠢ ᠨᠢ ᠳᠣᠲᠣᠨᠣ᠌᠎ᠪᠠᠷ ᠲᠣᠬᠣᠨᠢᠭᠤᠯᠵᠤ ᠪᠠᠢᠬᠤ᠎ᠪᠠᠨ ᠢᠯᠡᠳᠬᠡᠪᠡ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠯᠢᠳᠡᠭ ᠨᠠᠮ᠎ᠤᠨ ᠭᠡᠰᠢᠭᠦᠨ᠂ ᠤᠷᠳᠤ ᠬᠤᠭᠤᠴᠠᠭᠠᠨ᠎ᠤ ᠰᠢᠯᠭᠠᠯᠲᠠ᠎ᠶᠢ ᠥᠩᠭᠡᠷᠡᠭᠡᠭᠰᠡᠨ ᠡᠪ ᠬᠠᠮᠲᠤ ᠶᠣᠰᠣᠨ᠎ᠤ ᠰᠢᠳᠤᠷᠭᠤ ᠪᠠᠢᠯᠳᠤᠭ᠍ᠴᠢ᠂ ᠮᠠᠨ᠎ᠤ ᠴᠡᠷᠢᠭ᠎ᠦᠨ ᠰᠢᠯᠢᠳᠡᠭ ᠴᠡᠷᠢᠭ᠎ᠦᠨ ᠶᠠᠪᠤᠳᠠᠯ᠎ᠤᠨ ᠵᠢᠯᠣᠭᠣᠳᠤᠭ᠍ᠴᠢ᠂ ᠤᠳᠤ ᠦᠶ᠎ᠡ᠎ᠶᠢᠨ ᠠᠷᠤ ᠲᠠᠯ᠎ᠠ᠎ᠶᠢᠨ ᠠᠵᠢᠯ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠤᠭᠰᠠᠨ ᠰᠢᠯᠭᠠᠷᠠᠭᠰᠠᠨ ᠤᠳᠤᠷᠢᠳᠬᠤ ᠬᠥᠮᠥᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠤᠤᠯ᠎ᠤᠨ ᠭᠡᠰᠢᠭᠦᠨ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠤᠤᠯ᠎ᠤᠨ ᠶᠡᠷᠦᠩᠬᠡᠢ ᠠᠷᠤ ᠲᠠᠯ᠎ᠠ᠎ᠶᠢᠨ ᠬᠡᠯᠲᠡᠰ᠎ᠦᠨ ᠳᠠᠷᠤᠭ᠎ᠠ ᠯᠢᠶᠣᠤ ᠰᠢ ᠯᠦᠩ ᠨᠥᠬᠥᠷ᠂ ᠡᠪᠡᠳᠴᠢᠨ ᠵᠢᠡᠷ 2026 ᠣᠨ᠎ᠤ 1 ᠰᠠᠷ᠎ᠠ᠎ᠶᠢᠨ 23᠎ᠤ᠋  1 ᠴᠠᠭ 50 ᠮᠢᠨᠦ᠋ᠲ᠎ᠲᠦ ᠪᠡᠭᠡᠵᠢᠩ᠎ᠳᠦ ᠨᠠᠰᠤ ᠪᠠᠷᠠᠪᠠ᠂ ᠨᠠᠰᠤᠨ ᠰᠡᠭᠦᠳᠡᠷ 85᠃ 29᠎ᠤ᠋ ᠡᠳᠦᠷ᠂ ᠯᠢᠶᠣᠤ ᠰᠢ ᠯᠦᠩ ᠨᠥᠬᠥᠷ᠎ᠦᠨ ᠴᠢᠨᠳᠠᠷ᠎ᠢ ᠪᠡᠭᠡᠵᠢᠩ᠎ᠦᠨ ᠪᠠᠪᠦᠦᠱᠠᠨ᠎ᠳᠡᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠳᠤ ᠳᠡᠭᠳᠡᠭᠡᠪᠡ᠃

ᠯᠢᠶᠣᠤ ᠰᠢ ᠯᠦᠩ ᠨᠥᠬᠥᠷ 1959 ᠣᠨ᠎ᠤ 1 ᠰᠠᠷ᠎ᠠ᠎ᠳᠤ ᠭᠦᠢᠵᠧᠦ ᠮᠤᠵᠢ᠎ᠶᠢᠨ ᠰᠧ ᠨᠠᠨ ᠰᠢᠶᠠᠨ᠎ᠡᠴᠡ ᠴᠡᠷᠢᠭ᠎ᠲᠦ ᠣᠷᠣᠵᠤ᠂ 1963 ᠣᠨ᠎ᠤ 2 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠃ ᠤᠷᠢᠳ ᠬᠣᠵᠢᠳ ᠬᠠᠭᠤᠷᠠᠢ ᠵᠠᠮ᠎ᠤᠨ ᠴᠡᠷᠢᠭ᠎ᠦᠨ 11 ᠳ᠋ᠤᠭᠡᠷ ᠠᠷᠮᠢ᠎ᠶᠢᠨ ᠳᠠᠷᠤᠭ᠎ᠠ᠂ ᠴᠧᠩᠳᠦ᠋᠎ᠶᠢᠨ ᠴᠡᠷᠢᠭ᠎ᠦᠨ ᠲᠣᠭᠣᠷᠢᠭ᠋᠎ᠤᠨ ᠳᠡᠳ᠋ ᠺᠤᠮᠠᠨᠲᠠᠯᠠᠭᠴᠢ᠂ ᠺᠤᠮᠠᠨᠲᠠᠯᠠᠭᠴᠢ ᠵᠢᠨ ᠲᠤᠰᠢᠶᠠᠯ᠎ᠢ ᠬᠠᠷᠢᠭᠤᠴᠠᠪᠠ᠃ 2002 ᠣᠨ᠎ᠤ 10 ᠰᠠᠷ᠎ᠠ᠎ᠳᠤ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠠᠷᠤ ᠲᠠᠯ᠎ᠠ᠎ᠶᠢᠨ ᠠᠵᠢᠯ᠎ᠤᠨ ᠶᠡᠷᠦᠩᠬᠡᠢ ᠬᠡᠯᠲᠡᠰ᠎ᠦᠨ ᠳᠠᠷᠤᠭ᠎ᠠ᠎ᠶᠢᠨ ᠲᠤᠰᠢᠶᠠᠯ᠎ᠢ ᠬᠠᠷᠢᠭᠤᠴᠠᠵᠤ᠂ ᠲᠤᠰ ᠵᠢᠯ᠎ᠦᠨ 11 ᠰᠠᠷ᠎ᠠ᠎ᠳᠦ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠬᠦᠨ᠎ᠤ ᠲᠤᠰᠢᠶᠠᠯ᠎ᠢ ᠬᠠᠷᠢᠭᠤᠴᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠲᠠᠪᠤᠳᠤᠭᠠᠷ ᠬᠤᠭᠤᠴᠠᠭ᠎ᠠ᠂ ᠠᠷᠪᠠᠨ ᠵᠢᠷᠭᠤᠳᠤᠭᠠᠷ ᠬᠤᠭᠤᠴᠠᠭ᠎ᠠ᠂ ᠠᠷᠪᠠᠨ ᠳᠣᠯᠣᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠭᠡᠰᠢᠭᠦᠨ᠃ 2000 ᠣᠨ᠎ᠤ 6 ᠰᠠᠷ᠎ᠠ᠎ᠳᠤ ᠬᠤᠷᠠᠩᠳᠠ ᠭᠸᠨᠧᠷᠠᠯ᠎ᠤᠨ ᠴᠡᠷᠢᠭ᠎ᠦᠨ ᠴᠣᠯᠠ ᠵᠢ ᠬᠦᠷᠳᠡᠪᠡ᠃

ᠯᠢᠶᠣᠤ ᠰᠢ ᠯᠦᠩ ᠨᠥᠬᠥᠷ᠎ᠦᠨ ᠡᠪᠡᠳᠴᠢᠨ ᠬᠦᠨᠳᠦ ᠪᠠᠢᠭᠰᠠᠨ ᠬᠤᠭᠤᠴᠠᠭᠠᠨ᠎ᠳᠤ ᠪᠠ ᠨᠠᠰᠤ ᠪᠠᠷᠠᠭᠰᠠᠨ᠎ᠤ ᠳᠠᠷᠠᠭ᠎ᠠ᠂ ᠰᠢ᠎ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ᠂ ᠬᠠᠨ ᠵᠧᠩ᠂ ᠬ᠍ᠤ ᠵᠢᠨ ᠲᠤᠤ ᠵᠡᠷᠭᠡ ᠨᠥᠬᠥᠳ ᠡᠮᠨᠡᠯᠭᠡ᠎ᠶᠢᠨ ᠬᠤᠷᠢᠶ᠎ᠠ᠎ᠳᠦ ᠬᠦᠷᠴᠦ ᠪᠤᠯᠭᠤᠭᠠᠨ ᠦᠵᠡᠭᠰᠡᠨ ᠪᠤᠶᠤ ᠤᠯᠠᠨ ᠬᠡᠯᠪᠡᠷᠢ᠎ᠪᠡᠷ ᠯᠢᠶᠣᠤ ᠰᠢ ᠯᠦᠩ ᠨᠥᠬᠥᠷ᠎ᠦᠨ ᠨᠠᠰᠤ ᠪᠠᠷᠠᠭᠰᠠᠨ᠎ᠳᠤ ᠭᠦᠨ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠬᠦ᠎ᠶᠢᠨ ᠬᠠᠮᠲᠤ ᠲᠡᠭᠦᠨ᠎ᠦ ᠲᠥᠷᠥᠯ ᠰᠠᠳᠤᠨ᠎ᠢ ᠨᠢ ᠳᠣᠲᠣᠨᠣ᠌᠎ᠪᠠᠷ ᠲᠣᠬᠣᠨᠢᠭᠤᠯᠵᠤ ᠪᠠᠢᠬᠤ᠎ᠪᠠᠨ ᠢᠯᠡᠳᠬᠡᠪᠡ᠃

29 ᠤ᠋ ᠦᠳᠡ᠎ᠶᠢᠨ ᠡᠮᠦᠨ᠎ᠡ᠂ ᠪᠠᠪᠦᠦᠱᠠᠨ᠎ᠳᠡᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠤ ᠶᠣᠰᠣᠯᠠᠯ᠎ᠤᠨ ᠲᠠᠩᠬᠢᠮ᠎ᠳᠦ ᠲᠥᠪ ᠴᠢᠬᠢᠮᠠᠢ ᠪᠠᠢᠵᠤ᠂ ᠭᠠᠰᠢᠭᠤᠳᠠᠯ᠎ᠤᠨ ᠠᠶᠠᠰ ᠤᠶᠠᠷᠠᠭᠤᠨ ᠨᠠᠮᠬᠠᠨ ᠴᠤᠤᠷᠢᠶᠠᠳᠤᠨ᠎ᠠ᠃ ᠭᠣᠣᠯ ᠲᠢᠩᠬᠢᠮ᠎ᠦᠨ ᠳᠡᠭᠡᠷ᠎ᠡ ᠲᠠᠯ᠎ᠠ᠎ᠳᠤ 《 ᠯᠢᠶᠣᠤ ᠰᠢ ᠯᠦᠩ ᠨᠥᠬᠥᠷ᠎ᠢ ᠡᠮᠭᠡᠨᠢᠨ ᠭᠠᠰᠢᠭᠤᠳᠠᠶ᠎ᠠ 》 ᠭᠡᠬᠦ ᠬᠠᠷ᠎ᠠ ᠳᠡᠪᠢᠰᠬᠡᠷ ᠴᠠᠭᠠᠨ ᠦᠰᠦᠭ ᠲᠠᠢ ᠬᠥᠨᠳᠡᠯᠡᠨ ᠪᠢᠴᠢᠭᠡᠰᠦ᠎ᠶᠢ ᠡᠯᠭᠦᠵᠦ᠂ ᠬᠥᠨᠳᠡᠯᠡᠨ ᠪᠢᠴᠢᠭᠡᠰᠦ᠎ᠶᠢᠨ ᠳᠣᠣᠷ᠎ᠠ ᠲᠠᠯ᠎ᠠ᠎ᠳᠤ ᠯᠢᠶᠣᠤ ᠰᠢ ᠯᠦᠩ ᠨᠥᠬᠥᠷ᠎ᠦᠨ ᠬᠦᠷᠦᠭ᠎ᠢ ᠡᠯᠭᠦᠵᠡᠢ᠃ ᠯᠢᠶᠣᠤ ᠰᠢ ᠯᠦᠩ ᠨᠥᠬᠥᠷ᠎ᠦᠨ ᠴᠢᠨᠳᠠᠷ ᠰᠣᠷᠭᠣᠭ ᠴᠡᠴᠡᠭ ᠮᠠᠢᠯᠠᠰᠤ ᠵᠢᠨ ᠳᠤᠮᠳᠠ ᠠᠮᠤᠷᠯᠢᠩᠭᠤᠢ ᠬᠡᠪᠳᠡᠵᠤ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ᠎ᠢ ᠬᠤᠴᠢᠵᠠᠢ᠃

ᠨᠠᠮ᠂ ᠤᠯᠤᠰ᠂ ᠴᠡᠷᠢᠭ ᠠᠩᠭᠢ᠎ᠶᠢᠨ ᠬᠤᠯᠪᠤᠭᠳᠠᠯ ᠪᠦᠬᠦᠢ ᠤᠳᠤᠷᠢᠳᠬᠤ ᠨᠥᠬᠥᠳ ᠬᠦᠷᠴᠦ ᠠᠶᠠᠷᠯᠠᠨ ᠮᠣᠷᠳᠠᠭᠤᠯᠤᠭᠰᠠᠨ ᠪᠤᠶᠤ ᠤᠯᠠᠨ ᠬᠡᠯᠪᠡᠷᠢ᠎ᠪᠡᠷ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠪᠡ᠃ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠪᠠᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ᠎ᠶᠢᠨ ᠪᠡᠭᠡᠵᠢᠩ᠎ᠳᠦ ᠰᠠᠭᠤᠭ᠎ᠠ ᠬᠣᠯᠪᠣᠭᠳᠠᠯ ᠪᠦᠬᠦᠢ ᠨᠢᠭᠡᠴᠢ᠎ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭᠴᠢ᠂ ᠯᠢᠶᠣᠤ ᠰᠢ ᠯᠦᠩ ᠨᠥᠬᠥᠷ᠎ᠦᠨ ᠠᠮᠢᠳᠤ ᠰᠡᠷᠡᠭᠦᠨ ᠪᠠᠢᠬᠤ ᠦᠶ᠎ᠡ᠎ᠶᠢᠨ ᠨᠠᠢᠵᠠ ᠪᠣᠯᠣᠨ ᠨᠤᠲᠤᠭ᠎ᠤᠨ ᠬᠢᠨᠢ ᠲᠥᠯᠥᠭᠡᠯᠡᠭᠴᠢ ᠪᠠᠰᠠ ᠬᠦᠷᠤᠯᠴᠡᠨ ᠢᠷᠡᠵᠤ ᠠᠶᠠᠷᠯᠠᠨ ᠮᠣᠷᠳᠠᠭᠤᠯᠵᠠᠢ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 29 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号