1 ᠰᠠᠷ᠎ᠠ᠎ᠶ᠋ᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠳᠥᠷᠪᠡᠳᠦᠭᠡᠷ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠢ 2 ᠰᠠᠷ᠎ᠠ᠎ᠶ᠋ᠢᠨ 4 ᠤ᠋ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠪᠠ᠃
ᠲᠤᠰ ᠤᠳᠠᠭ᠎ᠠ᠎ᠶ᠋ᠢᠨ ᠬᠤᠷᠠᠯ᠎ᠳᠤ 53 ᠪᠦᠷᠢᠯᠳᠦᠬᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠠᠶ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠪᠠ᠃
ᠬᠤᠷᠠᠯ᠎ᠤᠨ ᠵᠥᠪᠯᠡᠬᠦ᠌ ᠵᠦᠶ᠋ᠯᠡᠰ᠎ᠢ ᠪᠠᠲᠤᠯᠠᠭ᠍ᠰᠠᠨ᠎ᠤ ᠳᠠᠷᠠᠭ᠎ᠠ᠂ ᠬᠤᠷᠠᠯ᠎ᠠᠴᠠ ᠸᠠᠨ ᠴᠤᠤ ᠴᠢ᠎ᠶ᠋ᠢᠨ ᠬᠢᠭ᠌ᠰᠡᠨ ᠠᠵᠢᠯᠲᠠᠨ᠎ᠤ ᠶᠠᠪᠤᠳᠠᠯ᠎ᠤᠨ ᠲᠤᠬᠠᠶ ᠲᠣᠳᠣᠷᠬᠠᠢᠯᠠᠯᠲᠠ ᠪᠠ 《〈ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ〉 ᠢ᠋ ᠬᠡᠷᠡᠭ᠌ᠵᠢᠭᠦᠯᠬᠦ᠌᠎ᠶ᠋ᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ (ᠲᠥᠰᠦᠯ)》 ᠤ᠋ᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠪᠠ᠃
ᠬᠤᠷᠠᠯ᠎ᠠᠴᠠ 《〈ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ〉 ᠢ᠋ ᠬᠡᠷᠡᠭ᠌ᠵᠢᠭᠦᠯᠬᠦ᠌᠎ᠶ᠋ᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ》᠎ᠢ᠋ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ (ᠨᠤᠤᠷᠠᠭ) ᠵᠢ ᠬᠢᠨᠠᠨ ᠵᠥᠪᠯᠡᠭ᠌ᠰᠡᠨ ᠪᠥᠭᠡᠳ ᠵᠠᠷᠴᠢᠮ ᠳᠡᠭᠡᠷ᠎ᠡ᠎ᠪᠡᠨ ᠪᠠᠲᠤᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠥᠪᠯᠡᠬᠦ᠌ ᠵᠦᠶ᠋ᠯᠡᠰ (ᠲᠥᠰᠦᠯ)᠂ ᠡᠳᠦᠷ᠎ᠦᠨ ᠳᠠᠷᠠᠭᠠᠯᠠᠯ (ᠲᠥᠰᠦᠯ)᠂ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ (ᠲᠥᠰᠦᠯ)᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠨᠡᠷᠡᠰ (ᠲᠥᠰᠦᠯ)᠂ ᠬᠦᠢᠴᠡᠳᠭᠡᠭᠴᠢ ᠲᠡᠷᠢᠭᠦᠯᠡᠭ᠌ᠴᠢ ᠵᠢᠨ ᠳᠤᠭᠤᠢᠯᠠᠩ ᠬᠤᠪᠢᠶᠠᠭ᠍ᠰᠠᠨ ᠨᠡᠷᠡᠰ (ᠲᠥᠰᠦᠯ)᠂ ᠳᠡᠳ᠋ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ (ᠲᠥᠰᠦᠯ)᠂ ᠰᠤᠯᠠ ᠣᠷᠣᠯᠴᠠᠬᠤ ᠬᠥᠮᠦᠰ᠎ᠦᠨ ᠨᠡᠷᠡᠰ ᠪᠣᠯᠤᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠳᠤᠷᠠᠳᠭᠤ ᠬᠠᠮᠤᠭ ᠤ᠋ᠨ ᠡᠴᠦᠰ᠎ᠦᠨ ᠴᠠᠭ᠎ᠤᠨ ᠲᠤᠬᠠᠶ ᠲᠣᠭ᠍ᠲᠠᠭᠠᠯ (ᠲᠥᠰᠦᠯ)᠂ ᠰᠠᠨᠠᠯ ᠵᠥᠪᠯᠡᠯᠭᠡ᠎ᠵᠢ ᠪᠠᠳᠤᠯᠠᠬᠤ ᠠᠷᠭ᠎ᠠ (ᠲᠥᠰᠦᠯ) ᠵᠢ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠠᠴᠠ ᠲᠤᠱᠢᠶᠠᠯ᠎ᠠᠴᠠ᠎ᠪᠠᠨ ᠪᠠᠭᠤᠬᠤ ᠵᠦᠢᠯᠡᠰ ᠪᠠ ᠠᠵᠢᠯᠲᠠᠨ᠎ᠤ ᠶᠠᠪᠤᠳᠠᠯ᠎ᠤᠨ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠨᠢ ᠪᠠᠭᠤᠯᠭᠠᠬᠤ ᠵᠤᠢᠯᠡᠰ᠎ᠢ ᠪᠠᠲᠤᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠭᠦᠸᠧ ᠱᠢᠨ᠎ᠦ ᠬᠢᠭ᠌ᠰᠡᠨ ᠬᠡᠰᠡᠭ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠪᠠᠲᠤᠯᠠᠪᠠ᠃
ᠵᠠᠩ ᠱᠤᠤ ᠴᠦᠨ ᠱᠢᠨ᠎ᠡ᠎ᠪᠡᠷ ᠲᠤᠱᠢᠶᠠᠯ᠎ᠳᠤ ᠲᠣᠮᠢᠯᠠᠭ᠍ᠳᠠᠬᠰᠠᠳᠲᠤ ᠲᠤᠱᠢᠶᠠᠯ᠎ᠳᠤ ᠲᠣᠮᠢᠯᠠᠬᠤ ᠪᠢᠴᠢᠭ ᠭᠠᠷᠳᠠᠭᠤᠯᠵᠠᠢ᠃
ᠱᠢᠨ᠎ᠡ᠎ᠪᠡᠷ ᠲᠤᠱᠢᠶᠠᠯ᠎ᠳᠤ ᠲᠣᠮᠢᠯᠠᠭ᠍ᠳᠠᠭ᠍ᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭᠠᠷᠢᠭ᠍ᠯᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠵᠤ᠂ ᠡᠯ᠎ᠡ ᠵᠦᠶ᠋ᠯ᠎ᠦᠨ ᠲᠣᠭ᠍ᠲᠠᠭ᠍ᠰᠠᠨ ᠠᠵᠢᠯ᠎ᠤᠨ ᠡᠭᠦᠷᠭᠡ᠎ᠶ᠋ᠢ ᠵᠣᠬᠢᠶᠠᠨ ᠪᠠᠢᠭᠤᠯᠵᠦ ᠬᠡᠷᠡᠭ᠌ᠵᠢᠭᠦᠯᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠎ᠶ᠋ᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠲᠤᠰᠭᠠᠢ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃