— ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠲᠤᠳᠤᠷᠬᠠᠢ ᠬᠠᠷᠢᠭᠤᠯᠳᠠ ᠦᠭᠴᠡᠢ
2026 ᠣᠨ᠎ᠳᠤ᠂ ᠮᠠᠨ᠎ᠤ ᠤᠯᠤᠰ ᠬᠡᠷᠬᠢᠨ ᠬᠡᠷᠡᠭᠯᠡᠭᠡ᠎ᠶᠢ ᠬᠥᠭᠵᠢᠭᠡᠵᠦ᠂ ᠭᠠᠳᠠᠭᠠᠳᠤ ᠠᠷᠠᠯᠵᠢᠶᠠᠨ᠎ᠤ ᠰᠢᠨ᠎ᠡ᠎ᠶᠢ ᠡᠭᠦᠳᠬᠦ ᠬᠥᠭᠵᠢᠯᠲᠡ᠎ᠶᠢ ᠳᠡᠮᠵᠢᠵᠦ᠂ ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠶᠢᠨ ᠰᠢᠨ᠎ᠡ ᠣᠷᠣᠨ ᠵᠠᠢ᠎ᠶᠢ ᠥᠷᠭᠡᠳᠬᠡᠬᠦ ᠪᠤᠢ? ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠰᠣᠨᠢᠨ ᠮᠡᠳᠡᠭᠡᠨ᠎ᠦ ᠠᠯᠪᠠᠨ ᠭᠡᠷ᠎ᠦᠨ 1 ᠰᠠᠷ᠎ᠠ᠎ᠶᠢᠨ 26 ᠤ᠋ ᠡᠳᠦᠷ ᠬᠢᠭᠰᠡᠨ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠡᠴᠡ ᠲᠤᠤᠷᠠᠬᠢ ᠮᠠᠳᠤ ᠬᠠᠷᠢᠭᠤᠯᠳᠠ ᠦᠭᠪᠡ᠃
ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠵᠢ ᠰᠢᠯᠢᠳᠡᠭᠵᠢᠭᠦᠯᠦᠨ ᠬᠡᠷᠡᠭᠵᠢᠭᠦᠯᠵᠤ ᠦᠢᠯᠡᠴᠢᠯᠡᠭᠡ ᠵᠢᠨ ᠬᠡᠷᠡᠭᠯᠡᠭᠡ ᠵᠢᠨ ᠰᠢᠨ᠎ᠡ ᠨᠡᠮᠡᠭᠳᠡᠯ᠎ᠦᠨ ᠴᠡᠭ᠎ᠢ ᠪᠤᠢᠵᠢᠭᠤᠯᠤᠨ᠎ᠠ
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠵᠠᠬ᠎ᠠ ᠳᠡᠯᠭᠡᠭᠦᠷ᠎ᠦᠨ ᠡᠷᠬᠢᠯᠳᠡ ᠪᠠ ᠬᠡᠷᠡᠭᠯᠡᠭᠡ᠎ᠶᠢ ᠠᠬᠢᠭᠤᠯᠬᠤ ᠵᠤᠷᠭᠠᠨ᠎ᠤ ᠳᠠᠷᠤᠭ᠎ᠠ ᠶᠠᠩ ᠮᠦ᠍᠂ 2026 ᠣᠨ᠎ᠳᠤ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠰᠢᠯᠢᠳᠡᠭᠵᠢᠭᠦᠯᠦᠨ ᠬᠡᠷᠡᠭᠵᠢᠭᠦᠯᠵᠦ᠂ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ᠂ ᠲᠣᠭᠠᠴᠢᠯᠠᠭᠰᠠᠨ ᠦᠢᠯᠡᠳᠬᠦᠨ ᠪᠠ ᠣᠶᠤᠨᠴᠢ ᠦᠢᠯᠡᠳᠬᠦᠨ ᠵᠡᠷᠭᠡ ᠶᠡᠬᠡ ᠬᠡᠮᠵᠢᠶᠡᠨ᠎ᠦ ᠪᠥᠬᠡᠯᠢᠭ ᠲᠠᠸᠠᠷ᠎ᠤᠨ ᠬᠡᠷᠡᠭᠯᠡᠭᠡ᠎ᠶᠢ ᠠᠬᠢᠭᠤᠯᠤᠨ᠎ᠠ; ᠮᠠᠰᠢᠨ ᠲᠡᠷᠭᠡᠨ᠎ᠦ ᠭᠦᠢᠯᠭᠡᠭᠡ ᠵᠢᠨ ᠬᠡᠷᠡᠭᠯᠡᠭᠡᠨ᠎ᠦ ᠥᠭᠡᠷᠡᠴᠢᠯᠡᠯᠲᠡ᠎ᠶᠢᠨ ᠲᠤᠷᠰᠢᠯᠲᠠ ᠵᠢᠨ ᠴᠡᠭ᠎ᠢ ᠥᠷᠨᠢᠭᠦᠯᠵᠦ᠂ ᠮᠠᠰᠢᠨ ᠲᠡᠷᠭᠡᠨ᠎ᠦ ᠬᠡᠷᠡᠭᠯᠡᠭᠡ ᠵᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠤᠨ᠎ᠠ; ᠱᠠᠩᠨᠠᠯ᠎ᠲᠠᠢ ᠪᠠᠷᠢᠮᠲᠠ᠎ᠶᠢᠨ ᠲᠤᠷᠰᠢᠯᠲᠠ᠎ᠶᠢᠨ ᠴᠡᠭ᠎ᠤᠨ ᠠᠵᠢᠯ᠎ᠢ ᠰᠠᠢᠲᠤᠷ ᠥᠷᠨᠢᠭᠦᠯᠦᠨ᠎ᠡ; ᠠᠩᠬ᠎ᠠ ᠲᠠᠷᠬᠠᠭᠠᠬᠤ ᠠᠵᠤ ᠠᠬᠤᠢ᠎ᠶᠢ ᠠᠬᠢᠭᠤᠯᠬᠤ ᠵᠡᠷᠭᠡ ᠨᠢᠭᠡ ᠪᠦᠯᠦᠭ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠨ ᠬᠡᠷᠡᠭᠵᠢᠭᠦᠯᠬᠦ᠎ᠶᠢ ᠠᠬᠢᠭᠤᠯᠤᠨ᠎ᠠ ᠭᠡᠪᠡ᠃
ᠦᠢᠯᠡᠴᠢᠯᠡᠭᠡ ᠵᠢᠨ ᠬᠡᠷᠡᠭᠯᠡᠭᠡ ᠨᠢ ᠨᠢᠭᠡᠨᠲᠡ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠂ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠪᠣᠯᠪᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠳᠡᠳ᠋ ᠰᠠᠢᠳ ᠶᠠᠨ ᠳ᠋ᠦᠩ᠂ ᠦᠢᠯᠡᠴᠢᠯᠡᠭᠡ ᠵᠢᠨ ᠬᠡᠷᠡᠭᠯᠡᠭᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠣᠶᠣᠯ ᠵᠤᠭ᠎ᠠ ᠴᠡᠩᠭᠡᠯ᠂ ᠵᠢᠭᠤᠯᠴᠢᠯᠠᠯ ᠰᠡᠯᠡᠭᠦᠴᠡᠯ᠂ ᠬᠣᠭᠣᠯᠠ ᠤᠮᠳᠠ ᠬᠣᠨᠣᠭ ᠪᠠᠭᠤᠳᠠᠯ᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠡᠮ ᠡᠮᠨᠡᠯᠭᠡ ᠡᠷᠡᠭᠦᠯ ᠮᠡᠨᠳᠦ ᠵᠡᠷᠭᠡ ᠬᠦᠷᠢᠶᠡᠨ᠎ᠳᠡᠬᠢ ᠬᠠᠩᠭᠠᠯᠭ᠎ᠠ᠎ᠶᠢᠨ ᠲᠦᠪᠰᠢᠨ᠎ᠢ ᠳᠡᠭᠡᠭᠰᠢᠯᠡᠭᠦᠯᠬᠦ᠎ᠶᠢ ᠠᠬᠢᠭᠤᠯᠤᠨ᠎ᠠ᠃《ᠭᠠᠳᠠᠭᠠᠳᠦ᠎ᠳᠦ ᠨᠡᠭᠡᠭᠡᠯᠲᠡ ᠬᠢᠵᠦ᠂ ᠳᠣᠲᠣᠭᠠᠳᠤ᠎ᠳᠦ ᠴᠢᠯᠦᠭᠡᠲᠡᠢ ᠪᠣᠯᠭᠠᠬᠤ》᠎ᠶ᠋ᠢ ᠪᠠᠷᠢᠮᠲᠠᠯᠠᠵᠤ᠂ ᠨᠢᠭᠡ ᠲᠠᠯ᠎ᠠ᠎ᠪᠠᠷ ᠦᠢᠯᠡᠴᠢᠯᠡᠭᠡᠨ᠎ᠦ ᠦᠢᠯᠡᠰ᠎ᠦᠨ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠵᠦ᠂ ᠡᠭᠦᠯᠡᠨ ᠪᠣᠳᠣᠯᠲᠠ᠂ ᠠᠮᠢᠳᠤ ᠪᠣᠳᠠᠰ᠎ᠤᠨ ᠮᠡᠷᠭᠡᠵᠢᠯ᠂ ᠭᠠᠳᠠᠭᠠᠳᠤ᠎ᠶᠢᠨ ᠬᠤᠳᠠᠯᠳᠤᠭᠠᠴᠢᠨ᠎ᠤ ᠲᠤᠰᠠᠭᠠᠷ ᠪᠡᠯᠡ ᠣᠷᠣᠭᠤᠯᠤᠭᠰᠠᠨ ᠡᠮᠨᠡᠯᠭᠡ᠎ᠶᠢᠨ ᠬᠣᠷᠢᠶ᠎ᠠ ᠵᠡᠷᠭᠡ ᠬᠦᠷᠢᠶᠡᠨ᠎ᠳᠡᠬᠢ ᠨᠡᠭᠡᠭᠡᠯᠲᠡ᠎ᠶᠢᠨ ᠲᠤᠷᠰᠢᠯᠲᠠ ᠵᠢᠨ ᠴᠡᠭ᠎ᠢ ᠭᠦᠨᠵᠡᠭᠡᠢᠷᠡᠭᠦᠯᠦᠨ᠎ᠡ; ᠨᠥᠭᠥᠭᠡ ᠲᠠᠯ᠎ᠠ᠎ᠪᠠᠷ ᠵᠠᠬ᠎ᠠ ᠳᠡᠯᠭᠡᠭᠦᠷ᠎ᠦᠨ ᠵᠢᠮ᠎ᠡ ᠶᠣᠰᠣᠨ᠎ᠳᠤ ᠨᠡᠢᠴᠡᠬᠦ ᠦᠭᠡᠢ᠂ ᠬᠡᠷᠡᠭᠯᠡᠭᠡ᠎ᠶᠢᠨ ᠲᠠᠰ ᠳᠡᠪᠰᠢᠬᠦ᠎ᠶᠢ ᠬᠠᠷᠰᠢᠯᠠᠵᠤ ᠪᠠᠢᠭ᠎ᠠ ᠦᠢᠯᠡᠴᠢᠯᠡᠭᠡᠨ᠎ᠦ ᠬᠡᠷᠡᠭᠯᠡᠭᠡ᠎ᠶᠢᠨ ᠬᠦᠷᠢᠶᠡᠨ᠎ᠳᠡᠬᠢ ᠵᠦᠢ ᠵᠣᠬᠢᠰ ᠦᠭᠡᠢ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠠᠷᠢᠯᠭᠠᠨ᠎ᠠ ᠭᠡᠪᠡ᠃
《ᠵᠠᠮ ᠬᠠᠷᠢᠯᠴᠠᠭᠠᠨ᠎ᠤ ᠦᠢᠯᠡᠴᠢᠯᠡᠭᠡ᠂ ᠭᠡᠷ᠎ᠦᠨ ᠶᠠᠪᠤᠳᠠᠯ᠎ᠤᠨ ᠦᠢᠯᠡᠴᠢᠯᠡᠭᠡ᠂ ᠰᠦᠯᠵᠢᠶᠡᠨ᠎ᠦ ᠦᠵᠡᠵᠦ ᠰᠣᠨᠣᠰᠬᠤ ᠦᠢᠯᠡᠴᠢᠯᠡᠭᠡ᠂ ᠣᠷᠣᠨ ᠰᠠᠭᠤᠴᠠ᠎ᠶᠢᠨ ᠦᠢᠯᠡᠴᠢᠯᠡᠭᠡ᠂ ᠮᠠᠰᠢᠨ ᠲᠡᠷᠭᠡᠨ᠎ᠦ ᠠᠷᠤ ᠲᠠᠯ᠎ᠠ᠎ᠶᠢᠨ ᠵᠠᠬ᠎ᠠ ᠳᠡᠯᠭᠡᠭᠦᠷ᠎ᠦᠨ ᠦᠢᠯᠡᠴᠢᠯᠡᠭᠡ᠂ ᠬᠢᠯᠢ᠎ᠳᠦ ᠣᠷᠣᠵᠤ ᠬᠡᠷᠡᠭᠯᠡᠭᠡ ᠬᠢᠬᠦ ᠵᠡᠷᠭᠡ ᠦᠢᠯᠡᠴᠢᠯᠡᠭᠡ ᠵᠢᠨ ᠬᠡᠷᠡᠭᠯᠡᠭᠡ ᠵᠢᠨ ᠰᠢᠨ᠎ᠡ ᠨᠡᠮᠡᠭᠳᠡᠯ᠎ᠦᠨ ᠴᠡᠭ᠎ᠢ ᠬᠦᠴᠦᠯᠡᠨ ᠪᠣᠢᠵᠢᠭᠤᠯᠵᠤ᠂ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠤ᠂ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ᠎ᠶᠢ ᠠᠬᠢᠭᠤᠯᠵᠤ᠂ ᠴᠢᠨᠠᠷ ᠰᠠᠢᠲᠠᠢ ᠲᠥᠷᠥᠯ ᠲᠡᠮᠳᠡᠭ᠎ᠢ ᠪᠣᠢᠵᠢᠭᠤᠯᠤᠨ᠎ᠠ》 ᠭᠡᠵᠦ ᠶᠠᠨ ᠳ᠋ᠦᠩ ᠬᠡᠯᠡᠪᠡ᠃
ᠦᠯᠦ ᠸᠢᠰᠠᠯᠠᠬᠤ ᠵᠢ ᠬᠡᠷᠡᠭᠵᠢᠬᠦᠯᠬᠦ ᠤᠯᠤᠰ᠎ᠤᠨ ᠬᠡᠪᠴᠢᠶ᠎ᠡ ᠦᠷᠬᠡᠨ ᠪᠤᠯᠵᠤ᠂ ᠬᠢᠯᠢ᠎ᠡᠴᠡ ᠭᠠᠷᠴᠤ ᠭᠠᠢᠯᠢ ᠵᠢ ᠪᠤᠴᠠᠭᠠᠬᠤ ᠲᠥᠷᠥ᠎ᠶᠢᠨ ᠪᠣᠳᠣᠯᠭ᠎ᠠ᠎ᠶᠢᠨ ᠰᠢᠯᠢᠳᠡᠭᠵᠢᠨ ᠲᠠᠰ ᠳᠡᠪᠰᠢᠬᠦ᠎ᠶᠢ ᠳᠠᠭᠠᠯᠳᠤᠨ᠂ 《ᠳᠤᠮᠳᠠᠳᠤ ᠤᠯᠤᠰ ᠲᠡᠬᠢ ᠵᠢᠭᠤᠯᠴᠢᠯᠠᠯ》᠂ 《ᠳᠤᠮᠳᠠᠳᠤ ᠤᠯᠤᠰ ᠡᠴᠡ ᠬᠤᠳᠠᠯᠳᠤᠨ ᠠᠪᠬᠤ》᠎ᠨᠢ ᠦᠷᠭᠦᠯᠵᠢᠯᠡᠨ ᠬᠥᠭᠵᠢᠶᠡᠨ᠎ᠲᠠᠢ ᠪᠣᠯᠪᠠ᠃ ᠲᠠᠨᠢᠯᠴᠠᠭᠤᠯᠤᠭᠰᠠᠨ᠎ᠢᠶᠠᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠡᠨᠡ ᠵᠢᠯ 20 ᠭᠠᠷᠤᠢ ᠲᠠᠯᠠᠪᠤᠷ《ᠳᠤᠮᠳᠠᠳᠤ ᠤᠯᠤᠰ᠎ᠡᠴᠡ ᠬᠤᠳᠠᠯᠳᠤᠨ ᠠᠪᠬᠤ》 ᠲᠤᠰᠬᠠᠢ ᠰᠡᠳᠦᠪᠲᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠣᠯᠠᠨ ᠤᠯᠤᠰᠴᠢᠯᠠᠭᠰᠠᠨ ᠬᠡᠷᠡᠭᠯᠡᠭᠡ ᠵᠢᠨ ᠣᠷᠴᠢᠨ ᠨᠥᠬᠥᠴᠡᠯ᠎ᠦᠨ ᠲᠤᠷᠰᠢᠯᠲᠠ᠎ᠶᠢᠨ ᠴᠡᠭ᠎ᠤᠨ 15 ᠬᠣᠲᠠ᠎ᠶᠢ ᠵᠣᠬᠢᠶᠠᠨ ᠪᠠᠢᠭᠤᠯᠤᠨ 《ᠬᠣᠲᠠ᠎ᠶᠢᠨ ᠲᠤᠰᠬᠠᠢ ᠲᠠᠯᠠᠪᠤᠷ》 ᠤ᠋ᠨ ᠠᠵᠢᠯᠯᠠᠭ᠎ᠠ ᠵᠢ ᠡᠷᠭᠢᠯᠡᠵᠦ᠂ ᠡᠯ᠎ᠡ ᠭᠠᠵᠠᠷ᠎ᠤᠨ 《ᠣᠷᠣᠨ ᠨᠤᠲᠤᠭ᠎ᠤᠨ ᠥᠷᠲᠡᠭᠡ》 ᠶ᠋ᠢᠨ ᠠᠵᠢᠯᠯᠠᠭ᠎ᠠ ᠡᠷᠭᠢᠯᠡᠬᠦ᠎ᠶᠢ ᠳᠡᠮᠵᠢᠨ᠎ᠡ; ᠤᠯᠠᠨ ᠤᠯᠤᠰ᠎ᠤᠨ ᠬᠡᠷᠡᠭᠯᠡᠭᠡ ᠵᠢᠨ ᠲᠥᠪ ᠬᠤᠳᠠ᠎ᠶᠢ ᠪᠣᠢᠵᠢᠭᠤᠯᠬᠤ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠳᠡᠯᠡᠬᠡᠢᠴᠢᠯᠡᠭᠰᠡᠨ ᠬᠡᠷᠡᠭᠯᠡᠭᠡ ᠵᠢᠨ ᠣᠷᠴᠢᠨ ᠨᠥᠬᠥᠴᠡᠯ᠎ᠦᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ ᠵᠢᠨ ᠴᠡᠭ ᠪᠠ ᠬᠡᠷᠡᠭᠯᠡᠭᠡᠨ᠎ᠦ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠬᠡᠪ ᠵᠠᠭᠪᠤᠷ ᠰᠢᠨ᠎ᠡ ᠦᠵᠡᠭᠳᠡᠯ ᠪᠠᠢᠳᠠᠯ᠎ᠤᠨ ᠲᠤᠷᠰᠢᠯᠲᠠ᠎ᠶᠢᠨ ᠴᠡᠭ᠎ᠤᠨ ᠠᠵᠢᠯ᠎ᠢ ᠠᠬᠢᠭᠤᠯᠤᠨ᠎ᠠ; ᠪᠠᠰᠠ ᠬᠢᠯᠢ ᠪᠡᠷ ᠤᠷᠤᠵᠤ ᠬᠡᠷᠡᠭᠯᠡᠭᠡ ᠬᠢᠬᠦ ᠵᠢ ᠥᠷᠭᠡᠳᠬᠡᠬᠦ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠬᠦ ᠪᠡᠷ ᠪᠤᠢ᠃
ᠭᠠᠳᠠᠭᠠᠳᠤ ᠠᠷᠠᠯᠵᠢᠶᠠᠨ᠎ᠤ ᠦᠨᠳᠦᠰᠦᠨ ᠪᠠᠢᠳᠠᠯ᠎ᠢ ᠪᠦᠬᠦ ᠬᠦᠴᠦᠨ᠎ᠢᠶᠡᠷ᠎ᠢᠶᠡᠨ ᠲᠣᠭᠲᠠᠪᠤᠷᠢᠵᠢᠭᠤᠯᠵᠤ ᠦᠢᠯᠡᠴᠢᠯᠡᠭᠡᠨ᠎ᠦ ᠵᠠᠬ᠎ᠠ ᠳᠡᠯᠭᠡᠭᠦᠷ᠎ᠦᠨ ᠨᠡᠭᠡᠭᠡᠯᠲᠡ᠎ᠶᠢ ᠡᠮᠬᠢ ᠵᠢᠷᠤᠮ ᠲᠡᠢ ᠠᠬᠢᠭᠤᠯᠤᠨ᠎ᠠ
ᠭᠠᠳᠠᠭᠠᠳᠤ ᠠᠷᠠᠯᠵᠢᠶᠠᠨ᠎ᠤ ᠲᠦᠷᠦ᠎ᠶᠢᠨ ᠪᠣᠳᠣᠯᠭ᠎ᠠ᠎ᠶᠢᠨ 《ᠬᠠᠮ ᠠᠷᠭ᠎ᠠ ᠬᠡᠮᠵᠢᠶ᠎ᠡ》᠎ᠶ᠋ᠢ ᠪᠦᠷᠢᠯᠳᠦᠭᠦᠯᠵᠦ᠂ ᠬᠢᠯᠢ ᠠᠯᠤᠰᠯᠠᠭᠰᠠᠨ ᠡᠯᠸᠺᠲᠷᠤᠨ ᠬᠤᠳᠠᠯᠳᠤᠭᠠᠨ᠎ᠤ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠢ ᠵᠢᠯᠣᠭᠣᠳᠤᠨ ᠬᠢᠯᠢ ᠠᠯᠤᠰᠯᠠᠭᠰᠠᠨ ᠡᠯᠸᠺᠲᠷᠤᠨ ᠬᠤᠳᠠᠯᠳᠤᠭᠠᠨ᠎ᠤ ᠠᠵᠤ ᠦᠢᠯᠡᠰ᠎ᠦᠨ ᠪᠦᠰᠡ᠎ᠶᠢ ᠶᠡᠬᠡ ᠪᠡᠷ ᠬᠥᠭᠵᠢᠭᠦᠯᠵᠦ᠂ 《ᠳᠤᠮᠳᠠᠳᠤ ᠤᠯᠤᠰ᠎ᠲᠤ ᠭᠠᠷᠭᠠᠬᠤ》 ᠲᠦᠷᠦᠯ ᠲᠡᠮᠳᠡᠭ᠎ᠢ ᠡᠭᠦᠳᠦᠨ᠎ᠡ ᠁ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠠᠳᠠᠭᠠᠳᠤ ᠠᠷᠠᠯᠵᠢᠶᠠᠨ᠎ᠤ ᠵᠤᠷᠭᠠᠨ᠎ᠤ ᠳᠠᠷᠤᠭ᠎ᠠ ᠸᠠᠩ ᡁᠢ ᠬᠤᠸᠠ᠂ 2026 ᠣᠨ᠎ᠳᠤ ᠬᠤᠳᠠᠯᠳᠤᠭᠠᠨ᠎ᠤ ᠶᠠᠪᠤᠳᠠᠯ᠎ᠤᠨ ᠶᠠᠮᠤᠨ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ ᠪᠡᠷ ᠬᠡᠷᠡᠭᠵᠢᠭᠦᠯᠵᠦ ᠭᠠᠳᠠᠭᠠᠳᠤ ᠠᠷᠠᠯᠵᠢᠶᠠᠨ᠎ᠤ ᠦᠨᠳᠦᠰᠦᠨ ᠪᠠᠢᠳᠠᠯ᠎ᠢ ᠪᠦᠬᠦ ᠬᠦᠴᠦᠨ᠎ᠢᠶᠡᠷ᠎ᠢᠶᠡᠨ ᠲᠣᠭᠲᠠᠪᠤᠷᠢᠵᠢᠭᠤᠯᠵᠤ᠂ ᠦᠢᠯᠡᠴᠢᠯᠡᠭᠡᠨ᠎ᠦ ᠵᠠᠬ᠎ᠠ ᠳᠡᠯᠭᠡᠭᠦᠷ᠎ᠦᠨ ᠨᠡᠭᠡᠭᠡᠯᠲᠡ᠎ᠶᠢ ᠡᠮᠬᠢ ᠵᠢᠷᠤᠮ᠎ᠲᠠᠢ ᠠᠬᠢᠭᠤᠯᠤᠨ᠎ᠠ ᠭᠡᠵᠦ ᠢᠯᠡᠳᠬᠡᠪᠡ᠃
ᠦᠢᠯᠡᠴᠢᠯᠡᠭᠡᠨ᠎ᠦ ᠠᠷᠠᠯᠵᠢᠶ᠎ᠠ ᠪᠣᠯᠣᠨ ᠲᠣᠭᠠᠴᠢᠯᠠᠭᠰᠠᠨ ᠠᠷᠠᠯᠵᠢᠶ᠎ᠠ ᠪᠣᠯ ᠠᠷᠠᠯᠵᠢᠶᠠᠨ᠎ᠤ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠬᠤ ᠴᠢᠬᠤᠯᠠ ᠭᠠᠷᠳᠡᠴᠡ ᠮᠥᠨ᠃ ᠸᠠᠩ ᡁᠢ ᠬᠤᠸᠠ᠂ 2026 ᠣᠨ᠎ᠳᠤ ᠬᠢᠯᠢ ᠠᠯᠤᠰᠯᠠᠭᠰᠠᠨ ᠦᠢᠯᠡᠴᠢᠯᠡᠭᠡᠨ᠎ᠦ ᠠᠷᠠᠯᠵᠢᠶ᠎ᠠ᠎ᠶᠢᠨ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢᠨ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠤᠯᠤᠰ᠎ᠤᠨ ᠦᠢᠯᠡᠴᠢᠯᠡᠭᠡᠨ᠎ᠦ ᠠᠷᠠᠯᠵᠢᠶ᠎ᠠ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠵᠢᠱ᠌ᠢᠶ᠎ᠡ ᠦᠵᠡᠭᠦᠯᠬᠦ ᠣᠷᠣᠨ᠎ᠢ ᠪᠠᠢᠭᠤᠯᠤᠨ᠎ᠠ᠃ ᠳᠠᠪᠠᠭᠤᠯᠢᠭ᠋ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡ᠎ᠶᠢ ᠭᠠᠳᠠᠭᠠᠳᠤ᠎ᠳᠤ ᠭᠠᠷᠭᠠᠬᠤ᠎ᠶᠢ ᠥᠷᠭᠡᠳᠬᠡᠵᠦ᠂ ᠮᠡᠳᠡᠯᠭᠡ᠎ᠶᠢᠨ ᠥᠮᠴᠢᠯᠡᠯ᠎ᠤᠨ ᠡᠷᠬᠡ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠵᠡᠷᠭᠡ ᠦᠢᠯᠡᠴᠢᠯᠡᠭᠡᠨ᠎ᠦ ᠠᠷᠠᠯᠵᠢᠶ᠎ᠠ᠎ᠶᠢᠨ ᠲᠥᠪᠯᠡᠷᠡᠨ ᠬᠥᠭᠵᠢᠬᠦ᠎ᠶᠢ ᠠᠬᠢᠭᠤᠯᠵᠤ᠂ ᠵᠢᠷᠤᠵᠤ ᠲᠥᠯᠥᠪᠯᠡᠬᠦ᠂ ᠵᠥᠪᠯᠡᠯᠭᠡ ᠥᠭᠬᠦ᠂ ᠮᠥᠩᠭᠥᠨ ᠭᠦᠢᠯᠭᠡᠭᠡᠨ᠂ ᠨᠢᠭ᠍ᠲᠠᠯᠠᠨ ᠪᠤᠳᠤᠬᠤ᠂ ᠬᠠᠤᠯᠢ ᠴᠠᠭᠠᠵᠠ ᠵᠡᠷᠭᠡ ᠲᠤᠰᠬᠠᠢ ᠦᠢᠯᠡᠴᠢᠯᠡᠭᠡᠨ᠎ᠦ ᠪᠠᠢᠭᠤᠯᠤᠮᠵᠢ᠎ᠶᠢᠨ ᠳᠡᠯᠡᠬᠡᠢᠵᠢᠭᠰᠡᠨ ᠦᠢᠯᠡᠴᠢᠯᠡᠭᠡᠨ᠎ᠦ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠵᠣᠷᠢᠭ᠍ᠵᠢᠭᠤᠯᠵᠤ᠂ ᠬᠢᠲᠠᠳ ᠬᠡᠯᠡᠨ᠎ᠦ ᠰᠤᠷᠭᠠᠨ ᠬᠥᠮᠦᠵᠢᠯ᠂ ᠬᠢᠲᠠᠳ ᠡᠮ ᠡᠮᠨᠡᠯᠭᠡ᠂ ᠬᠢᠲᠠᠳ ᠬᠣᠭᠣᠯᠠ ᠵᠡᠷᠭᠡ ᠤᠯᠠᠮᠵᠢᠯᠠᠯᠲᠤ ᠳᠠᠪᠠᠭᠤᠯᠢᠭ᠋ ᠦᠢᠯᠡᠴᠢᠯᠡᠭᠡ᠎ᠶᠢ ᠭᠠᠳᠠᠭᠠᠳᠤ᠎ᠳᠤ ᠭᠠᠷᠭᠠᠬᠤ᠎ᠶᠢ ᠵᠣᠷᠢᠭ᠍ᠵᠢᠭᠤᠯᠤᠨ᠎ᠠ ᠭᠡᠪᠡ᠃
ᠲᠣᠭᠠᠴᠢᠯᠠᠭᠰᠠᠨ ᠠᠷᠠᠯᠵᠢᠶ᠎ᠠ᠎ᠶᠢ ᠰᠢᠨ᠎ᠡ᠎ᠶᠢ ᠡᠭᠦᠳᠦᠨ ᠬᠥᠭᠵᠢᠭᠦᠯᠬᠦ ᠲᠠᠯ᠎ᠠ᠎ᠪᠠᠷ᠂ ᠤᠯᠤᠰ᠎ᠤᠨ ᠲᠣᠭᠠᠴᠢᠯᠠᠭᠰᠠᠨ ᠠᠷᠠᠯᠵᠢᠶ᠎ᠠ᠎ᠶᠢᠨ ᠵᠢᠱ᠌ᠢᠶ᠎ᠡ ᠦᠵᠡᠭᠦᠯᠬᠦ ᠣᠷᠣᠨ᠎ᠢ ᠡᠬᠢᠯᠡᠨ ᠪᠦᠲᠦᠭᠡᠨ ᠪᠠᠢᠭᠤᠯᠤᠨ᠎ᠠ᠃ ᠲᠣᠭᠠᠴᠢᠯᠠᠭᠰᠠᠨ ᠠᠷᠠᠯᠵᠢᠶ᠎ᠠ᠎ᠶᠢᠨ ᠬᠠᠮᠢᠶ᠎ᠠ ᠪᠦᠬᠦᠢ ᠪᠠᠷᠢᠮᠵᠢᠶ᠎ᠠ᠎ᠶᠢ ᠲᠣᠭᠲᠠᠭᠠᠵᠤ᠂ ᠤᠯᠤᠰ᠎ᠤᠨ ᠳᠣᠲᠣᠭᠠᠳᠤ ᠪᠠ ᠤᠯᠠᠨ ᠤᠯᠤᠰ᠎ᠤᠨ ᠪᠠᠷᠢᠮᠵᠢᠶ᠎ᠠ᠎ᠶᠢᠨ ᠬᠠᠷᠢᠯᠴᠠᠨ ᠨᠡᠪᠲᠡᠷᠡᠯᠴᠡᠬᠦ᠎ᠶᠢ ᠠᠬᠢᠭᠤᠯᠤᠨ᠎ᠠ᠃ ᠦᠢᠯᠡᠴᠢᠯᠡᠭᠡ ᠵᠢ ᠭᠠᠳᠠᠭ᠍ᠰᠢ ᠳᠠᠭᠠᠭᠠᠴᠢᠯᠠᠭᠤᠯᠬᠤ ᠲᠣᠭᠠᠴᠢᠯᠠᠯᠲᠠ ᠲᠡᠢᠰᠢ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠵᠤ᠂ ᠲᠣᠭᠠᠴᠢᠯᠠᠭᠰᠠᠨ ᠠᠷᠠᠯᠵᠢᠶ᠎ᠠ᠎ᠶᠢᠨ ᠡᠵᠡᠩᠨᠡᠯᠲᠡ᠎ᠶᠢᠨ ᠭᠣᠣᠯ ᠴᠣᠭᠴᠠ᠎ᠶᠢ ᠪᠣᠢᠵᠢᠭᠤᠯᠤᠨ ᠪᠤᠵᠠᠭᠠᠢᠷᠠᠭᠤᠯᠤᠨ᠎ᠠ᠃
ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠪᠣᠯ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠲᠦᠭᠡᠨ ᠪᠠᠶ᠋ᠢᠭᠤᠯᠬᠤ᠎ᠶᠢᠨ ᠴᠢᠬᠤᠯᠠ ᠠᠭᠤᠯᠭ᠎ᠠ ᠮᠦᠨ᠃ 《ᠪᠢᠳᠡ ᠨᠡᠩ ᠤᠯᠠᠨ ᠬᠦᠰᠡᠯ ᠡᠷᠡᠮᠡᠯᠵᠡᠯ᠎ᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠲᠠᠢ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ ᠲᠣᠭᠲᠠᠬᠤ᠎ᠶᠢ ᠠᠬᠢᠭᠤᠯᠵᠤ᠂ ᠠᠷᠠᠯᠵᠢᠶᠠᠨ᠎ᠤ ᠰᠠᠭᠠᠳ ᠦᠭᠡᠢ ᠨᠡᠪᠲᠡᠷᠡᠬᠦ ᠠᠵᠢᠯ᠎ᠤᠨ ᠳᠤᠭᠤᠢᠯᠠᠩ᠎ᠢ ᠪᠠᠢᠭᠤᠯᠵᠤ᠂ 〈ᠳᠤᠮᠳᠠᠳᠤ ᠤᠯᠤᠰᠲᠦ᠍ ᠭᠠᠷᠭᠠᠬᠤ〉ᠲᠦᠷᠦᠯ ᠲᠡᠮᠳᠡᠭ᠎ᠢ ᠦᠷᠭᠦᠯᠵᠢᠯᠡᠨ ᠡᠭᠦᠳᠴᠦ᠂ ᠭᠠᠳᠠᠭᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭᠠᠨ ᠵᠡᠷᠭᠡ ᠴᠢᠬᠤᠯᠠ ᠶᠡᠬᠡ ᠦᠵᠡᠰᠬᠦᠯᠡᠩ᠎ᠦᠨ ᠲᠠᠪᠴᠠᠩ᠎ᠢ ᠰᠠᠢᠲᠤᠷ ᠠᠰᠢᠭ᠍ᠯᠠᠵᠤ᠂ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠤᠨ ᠭᠠᠳᠠᠭᠠᠳᠤ ᠣᠷᠣᠭᠤᠯᠤᠯᠲᠠ᠎ᠶᠢ ᠥᠷᠭᠡᠳᠬᠡᠨ᠎ᠡ》 ᠭᠡᠵᠦ ᠶᠠᠨ ᠳ᠋ᠦᠩ ᠬᠡᠯᠡᠪᠡ᠃
《2026 ᠣᠨ᠎ᠳᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠭᠤᠢᠪᠢᠰᠢ ᠦᠭᠡᠢ ᠠᠬᠢᠭᠤᠯᠵᠤ᠂ ᠠᠷᠠᠯᠵᠢᠶᠠᠨ᠎ᠤ ᠰᠢᠨ᠎ᠡ᠎ᠶᠢ ᠡᠭᠦᠳᠦᠨ ᠬᠥᠭᠵᠢᠬᠦ᠂ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠵᠤ᠂ ᠳᠤᠷᠠᠲᠠᠶ᠎ᠠ〈ᠳᠡᠯᠡᠬᠡᠢ᠎ᠶᠢᠨ ᠦᠢᠯᠡᠳᠪᠦᠷᠢ〉 ᠪᠣᠯᠬᠤ᠎ᠪᠠᠷ ᠪᠠᠷᠠᠬᠤ ᠦᠭᠡᠢ᠂ ᠨᠡᠩ ᠳᠤᠷᠠᠲᠠᠶ᠎ᠠ〈ᠳᠡᠯᠡᠬᠡᠢ᠎ᠶᠢᠨ ᠵᠠᠬ᠎ᠠ ᠳᠡᠯᠭᠡᠭᠦᠷ〉 ᠪᠣᠯᠣᠨ᠎ᠠ᠂ ᠳᠤᠮᠳᠠᠳᠤ ᠤᠯᠤᠰ᠎ᠤᠨ ᠬᠡᠳᠦ ᠲᠤᠮᠤ ᠬᠡᠪᠴᠢᠶᠡᠨ᠎ᠦ ᠵᠠᠬ᠎ᠠ ᠳᠡᠯᠭᠡᠭᠦᠷ ᠨᠢ ᠡᠯ᠎ᠡ ᠤᠯᠤᠰ᠎ᠤᠨ ᠦᠢᠯᠡᠳᠬᠦᠨ᠂ ᠦᠢᠯᠡᠴᠢᠯᠡᠭᠡ᠎ᠳᠦ ᠨᠡᠩ ᠥᠷᠭᠡᠨ ᠳᠡᠯᠭᠡᠷ ᠠᠵᠠ ᠲᠣᠬᠢᠶᠠᠯ ᠬᠠᠩᠭᠠᠵᠤ᠂ ᠳᠤᠮᠳᠠᠳᠤ ᠤᠯᠤᠰ᠎ᠤᠨ ᠴᠢᠨᠠᠷ ᠰᠠᠢᠲᠠᠢ ᠬᠥᠭᠵᠢᠯᠲᠡ ᠨᠢ ᠴᠦ᠍ ᠳᠡᠯᠡᠬᠡᠢ᠎ᠶᠢᠨ ᠠᠵᠤ ᠠᠬᠤᠢ᠎ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ》 ᠭᠡᠵᠦ ᠸᠠᠩ ᡁᠢ ᠬᠤᠸᠠ ᠬᠡᠯᠡᠪᠡ᠃
ᠭᠠᠳᠠᠭᠠᠳᠤ ᠪᠡᠯᠡ᠎ᠶᠢ ᠲᠠᠲᠠᠬᠤ ᠰᠢᠨ᠎ᠡ ᠳᠠᠪᠠᠭᠤᠯᠢᠭ᠋᠎ᠢ ᠬᠦᠴᠦᠯᠡᠨ ᠪᠤᠢ ᠪᠣᠯᠭᠠᠵᠤ ᠭᠠᠳᠠᠭᠠᠳᠤ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠮᠣ᠌ ᠲᠠᠪᠴᠠᠩ᠎ᠢ ᠠᠰᠢᠬᠯᠠᠯᠳᠠ ᠳ᠋ᠤ ᠤᠷᠤᠭᠤᠯᠬᠤ᠎ᠪᠠᠷ ᠪᠤᠢ
《2026 ᠣᠨ᠎ᠳᠤ᠂ ᠪᠢᠳᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠡᠷᠡᠰ ᠭᠤᠢᠪᠢᠰᠢ ᠦᠭᠡᠢ ᠥᠷᠭᠡᠳᠬᠡᠵᠦ᠂ ᠭᠠᠳᠠᠭᠠᠳᠤ ᠪᠡᠯᠡ᠎ᠶᠢ ᠲᠠᠲᠠᠬᠤ ᠰᠢᠨ᠎ᠡ ᠳᠠᠪᠠᠭᠤᠯᠢᠭ᠋᠎ᠢ ᠬᠦᠴᠦᠯᠡᠨ ᠪᠤᠢ ᠪᠣᠯᠭᠠᠨ᠎ᠠ》᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠠᠳᠠᠭᠠᠳᠤ᠎ᠶᠢᠨ ᠪᠡᠯᠡ ᠣᠷᠣᠭᠤᠯᠤᠯᠲᠠ᠎ᠶᠢᠨ ᠬᠠᠮᠢᠶᠠᠷᠤᠯᠲᠠ᠎ᠶᠢᠨ ᠵᠤᠷᠭᠠᠨ᠎ᠤ ᠬᠠᠷᠢᠭᠤᠴᠠᠯᠭᠠᠲᠠᠨ ᠸᠠᠩ ᠶᠠ᠂ ᠴᠠᠬᠢᠯᠭᠠᠨ ᠴᠢᠮᠡᠬᠡ ᠬᠣᠯᠪᠣᠭ᠎ᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ᠎ᠦ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠎ᠶᠢ ᠡᠮᠬᠢ ᠵᠢᠷᠤᠮ᠎ᠲᠠᠢ ᠥᠷᠭᠡᠳᠬᠡᠵᠦ᠂ ᠲᠤᠷᠰᠢᠯᠲᠠ᠎ᠶᠢᠨ ᠴᠡᠭ᠎ᠤᠨ ᠲᠦᠷᠦᠯ ᠵᠦᠢᠯ᠎ᠢ ᠡᠷᠲᠡᠬᠡᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠨᠢᠭᠡᠨᠲᠡ ᠨᠡᠭᠡᠭᠡᠯᠲᠡ ᠬᠢᠭᠰᠡᠨ ᠬᠦᠷᠢᠶᠡᠨ᠎ᠳᠦ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ《ᠣᠷᠣᠭᠤᠯᠬᠤ᠎ᠶᠢ ᠵᠥᠪᠰᠢᠶᠡᠷᠡᠬᠦ ᠮᠥᠷᠲᠡᠭᠡᠨ ᠡᠵᠡᠩᠨᠡᠯᠲᠡ ᠬᠢᠬᠦ᠎ᠶᠢ ᠴᠦ᠍ ᠵᠥᠪᠰᠢᠶᠡᠷᠡᠬᠦ》 ᠶ᠋ᠢ ᠪᠠᠲᠤᠯᠠᠨ᠎ᠠ ᠭᠡᠵᠤ ᠲᠠᠨᠢᠯᠴᠠᠭᠤᠯᠪᠠ᠃
ᠡᠭᠦᠨ᠎ᠦ ᠬᠠᠮᠲᠤ᠂ ᠬᠢᠯᠢ᠎ᠶᠢᠨ ᠭᠠᠳᠠᠨᠠᠬᠢ ᠪᠡᠯᠡ ᠣᠷᠣᠭᠤᠯᠤᠭ᠍ᠴᠢᠳ᠎ᠤᠨ ᠳᠤᠮᠳᠠᠳᠤ ᠤᠯᠤᠰ᠎ᠲᠤ ᠣᠯᠣᠭᠰᠠᠨ ᠠᠰᠢᠭ᠋ ᠬᠣᠨᠵᠢᠪᠤᠷᠢ᠎ᠪᠠᠷ ᠰᠢᠭᠤᠳ ᠪᠡᠯᠡ ᠣᠷᠣᠭᠤᠯᠤᠯᠲᠠ᠎ᠶᠢᠨ ᠭᠠᠢᠯᠢ᠎ᠶᠢ ᠲᠤᠯᠭᠠᠨ ᠬᠡᠯᠲᠦᠷᠢᠭᠦᠯᠬᠦ᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠠᠵᠤ ᠦᠢᠯᠡᠰ᠎ᠢ ᠵᠣᠷᠢᠭ᠍ᠵᠢᠭᠤᠯᠬᠤ ᠵᠡᠷᠭᠡ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠰᠠᠢᠲᠤᠷ ᠨᠠᠢᠳᠠᠪᠤᠷᠢᠵᠢᠭᠤᠯᠵᠤ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠬᠡᠷᠡᠭᠯᠡᠭᠡ᠎ᠶᠢ ᠬᠥᠭᠵᠢᠭᠡᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯᠯᠠᠭ᠎ᠠ᠎ᠳᠤ ᠣᠷᠣᠯᠴᠠᠬᠤ᠎ᠶᠢ ᠠᠳᠠᠯᠢᠬᠠᠨ ᠳᠡᠮᠵᠢᠨ᠎ᠡ; ᠭᠠᠳᠠᠭᠠᠳᠤ ᠵᠢᠨ ᠪᠡᠯᠡᠲᠦ ᠠᠵᠤ ᠠᠬᠤᠢᠯᠠᠯ ᠤᠯᠤᠰ ᠠᠷᠠᠳ᠎ᠤᠨ ᠬᠠᠷᠠᠭᠠᠯᠵᠠᠯ ᠬᠦᠷᠳᠡᠬᠦ ᠵᠢ ᠪᠦᠬᠦ ᠲᠠᠯ᠎ᠠ᠎ᠪᠠᠷ ᠰᠠᠢᠲᠤᠷ ᠨᠠᠢᠳᠠᠪᠤᠷᠢᠵᠢᠭᠤᠯᠵᠤ᠂ ᠭᠠᠳᠠᠭᠠᠳᠤ ᠵᠢᠨ ᠪᠡᠯᠡᠲᠦ ᠠᠵᠤ ᠠᠬᠤᠢᠯᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠴᠢᠯᠡᠭᠡ᠎ᠪᠡᠨ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠵᠢᠨ ᠪᠡᠯᠡᠲᠦ ᠠᠵᠤ ᠠᠬᠤᠢᠯᠠᠯ᠎ᠤᠨ ᠲᠣᠭᠣᠷᠠᠭ᠋ ᠰᠢᠷᠡᠭᠡᠨ᠎ᠦ ᠬᠤᠷᠠᠯ᠎ᠢ ᠰᠠᠢᠲᠤᠷ ᠡᠷᠬᠢᠯᠡᠵᠦ᠂ 《ᠭᠠᠳᠠᠭᠠᠳᠤ ᠵᠢᠨ ᠪᠡᠯᠡᠲᠦ ᠠᠵᠤ ᠠᠬᠤᠢᠯᠠᠯ᠎ᠳᠤ ᠦᠢᠯᠡᠴᠢᠯᠡᠵᠤ ᠪᠠᠲᠤᠯᠠᠬᠤ》ᠠᠵᠢᠯ᠎ᠢ ᠦᠷᠭᠦᠯᠵᠢᠯᠡᠨ ᠥᠷᠨᠢᠭᠦᠯᠦᠨ᠎ᠡ᠃
2026 ᠣᠨ᠎ᠳᠤ ᠮᠠᠨ᠎ᠤ ᠤᠯᠤᠰ ᠣᠷᠣᠨ ᠪᠦᠰᠡ᠎ᠶᠢᠨ ᠪᠠ ᠬᠣᠶᠠᠷ ᠲᠠᠯ᠎ᠠ᠎ᠶᠢᠨ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠬᠡᠯᠡᠯᠴᠡᠭᠡᠷ᠎ᠦᠨ ᠠᠬᠢᠴᠠ᠎ᠶᠢ ᠲᠦᠷᠭᠡᠳᠬᠡᠨ ᠠᠬᠢᠭᠤᠯᠤᠨ᠎ᠠ᠃ ᠸᠠᠩ ᠶᠠ᠂ 《ᠲᠣᠭ᠎ᠠ ᠬᠡᠮᠵᠢᠶ᠎ᠡ》 ᠶ᠋ᠢᠨ ᠲᠠᠯ᠎ᠠ᠎ᠪᠠᠷ᠂ ᠲᠡᠯᠡᠶ᠎ᠶᠢᠨ ᠪᠤᠯᠤᠩ᠎ᠤᠨ ᠤᠷᠤᠨ᠎ᠤ ᠤᠯᠤᠰ᠎ᠤᠳ᠎ᠤᠨ ᠬᠠᠮᠲᠤᠷᠠᠯᠴᠠᠭᠠᠨ᠎ᠤ ᠵᠥᠪᠯᠡᠯ᠂ ᠰᠸᠢᠰ᠂ ᠺᠣᠷᠢᠶᠠ᠂ ᠰᠢᠨ᠎ᠡ ᠽᠢᠯᠡᠨᠳ᠋᠂ ᠨᠣᠮᠣᠬᠠᠨ ᠲᠡᠯᠡᠶ᠎ᠶᠢᠨ ᠠᠷᠠᠯᠲᠤ ᠤᠯᠤᠰ᠂ ᠳᠤᠮᠳᠠ ᠠᠽᠢᠶ᠎ᠠ ᠵᠢᠴᠢ ᠠᠹᠷᠢᠺᠠ ᠲᠢᠪ᠎ᠦᠨ ᠤᠯᠤᠰ᠎ᠤᠳ ᠯᠤᠭ᠎ᠠ᠎ᠶᠢᠨ ᠴᠢᠯᠦᠭᠡᠲᠦ ᠠᠷᠠᠯᠵᠢᠶᠠᠨ᠎ᠤ ᠬᠠᠮᠲᠤᠷᠠᠯᠴᠠᠭ᠎ᠠ᠎ᠶᠢ ᠦᠷᠭᠦᠯᠵᠢᠯᠡᠨ ᠠᠬᠢᠭᠤᠯᠤᠨ᠎ᠠ; 《ᠶᠠᠰᠤ ᠴᠢᠨᠠᠷ》 ᠤ᠋ᠨ ᠲᠠᠯ᠎ᠠ᠎ᠪᠠᠷ᠂ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠎ᠶᠢ ᠢᠳᠡᠪᠬᠢᠲᠡᠢ ᠥᠷᠭᠡᠳᠬᠡᠵᠦ᠂ ᠦᠢᠯᠡᠴᠢᠯᠡᠭᠡᠨ᠎ᠦ ᠦᠢᠯᠡᠰ᠎ᠢᠶᠡᠷ ᠭᠣᠣᠯᠳᠠᠯᠭ᠎ᠠ ᠪᠣᠯᠭᠠᠨ ᠵᠠᠬ᠎ᠠ ᠳᠡᠯᠭᠡᠭᠦᠷ᠎ᠲᠦ ᠣᠷᠣᠬᠤ ᠵᠢ ᠵᠥᠪᠰᠢᠶᠡᠷᠡᠬᠦ ᠪᠠ ᠨᠡᠭᠡᠭᠡᠯᠲᠡ ᠬᠢᠬᠦ ᠬᠦᠷᠢᠶ᠎ᠡ ᠴᠠᠷᠠᠭ᠎ᠠ᠎ᠶᠢ ᠥᠷᠭᠡᠳᠬᠡᠵᠦ᠂ ᠪᠡᠯᠡ ᠣᠷᠣᠭᠤᠯᠤᠯᠲᠠ᠎ᠶᠢ ᠴᠢᠯᠦᠭᠡᠳᠠᠢ ᠪᠤᠯᠭᠠᠬᠤ ᠳᠥᠭᠥᠮ ᠦᠵᠡᠬᠦᠯᠬᠦ ᠪᠠ ᠪᠡᠯᠡ ᠣᠷᠣᠭᠤᠯᠤᠯᠲᠠ᠎ᠶᠢᠨ ᠬᠠᠮᠠᠭᠠᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ ᠳ᠋ᠤ ᠣᠷᠣᠭᠤᠯᠬᠤ ᠵᠡᠷᠭᠡ ᠳᠦᠷᠢᠮ᠎ᠢ ᠠᠬᠢᠭᠤᠯᠤᠨ᠎ᠠ;《ᠦᠷ᠎ᠡ ᠪᠦᠲᠦᠮᠵᠢ》 ᠶ᠋ᠢᠨ ᠲᠠᠯ᠎ᠠ᠎ᠪᠠᠷ᠂ ᠬᠡᠯᠡᠯᠴᠡᠭᠡᠷ᠎ᠦᠨ ᠬᠡᠷᠡᠭᠵᠢᠭᠦᠯᠦᠯᠲᠡ᠎ᠶᠢ ᠦᠷᠭᠦᠯᠵᠢᠯᠡᠨ ᠰᠠᠢᠲᠤᠷ ᠬᠢᠵᠦ᠂ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠳᠦ ᠦᠵᠡᠭᠦᠯᠬᠦ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠦᠨ ᠬᠥᠲᠥᠯᠥᠨ ᠳᠠᠭᠠᠭᠤᠯᠬᠤ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠂ ᠠᠵᠤ ᠦᠢᠯᠡᠰ᠎ᠦᠨ ᠨᠥᠬᠥᠪᠦᠷᠢ᠂ ᠣᠷᠴᠢᠨ ᠠᠬᠤᠢ᠎ᠶᠢᠨ ᠪᠠᠷᠢᠮᠵᠢᠶ᠎ᠠ᠂ ᠬᠥᠳᠡᠯᠮᠦᠷᠢ᠎ᠶᠢᠨ ᠬᠠᠮᠠᠭᠠᠯᠠᠯᠲᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠬᠦᠷᠢᠶᠡᠨ᠎ᠳᠡᠬᠢ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ᠎ᠶᠢ ᠠᠬᠢᠭᠤᠯᠤᠨ᠎ᠠ ᠭᠡᠵᠤ ᠢᠯᠡᠳᠬᠡᠪᠡ᠃
ᠭᠠᠳᠠᠭᠠᠳᠤ᠎ᠳᠠᠬᠢ ᠪᠡᠯᠡ ᠣᠷᠣᠭᠤᠯᠤᠯᠲᠠ᠎ᠶᠢᠨ ᠲᠤᠬᠠᠢ ᠶᠠᠷᠢᠬᠤ᠎ᠳᠠᠭᠠᠨ᠂ ᠸᠠᠩ ᠶᠠ᠂ ᠤᠯᠤᠰ᠎ᠤᠨ ᠲᠡᠰ ᠳᠠᠪᠬᠤᠷᠭ᠎ᠠ᠎ᠶᠢᠨ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠮᠣ᠌ ᠲᠠᠪᠴᠠᠩ᠎ᠢ ᠪᠠᠢᠭᠤᠯᠤᠨ᠎ᠠ᠃ ᠭᠠᠳᠠᠭᠠᠳᠤ ᠶᠠᠪᠤᠳᠠᠯ᠂ ᠬᠠᠤᠯᠢ ᠴᠠᠭᠠᠵᠠ᠂ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡᠨ᠂ ᠠᠵᠤ ᠠᠬᠤᠢ ᠠᠷᠠᠯᠵᠢᠶ᠎ᠠ᠂ ᠪᠠᠷᠠᠭᠠᠨ᠎ᠤ ᠭᠦᠢᠯᠭᠡᠭᠡ᠂ ᠪᠣᠭᠣᠮᠲᠠ᠂ ᠠᠷᠠᠯᠵᠢᠶ᠎ᠠ᠎ᠶᠢ ᠠᠬᠢᠭᠤᠯᠬᠤ ᠵᠡᠷᠭᠡ ᠬᠦᠷᠢᠶᠡᠨ᠎ᠳᠡᠬᠢ ᠦᠢᠯᠡᠴᠢᠯᠡᠭᠡᠨ᠎ᠦ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠬᠦᠯᠵᠤ᠂ ᠠᠵᠤ ᠠᠬᠤᠢᠯᠠᠯ᠎ᠤᠨ ᠭᠠᠳᠠᠭᠠᠳᠤ᠎ᠳᠦ ᠭᠠᠷᠬᠤ ᠨᠡᠢᠲᠡᠯᠢᠭ ᠴᠢᠨᠠᠷᠲᠠᠢ ᠬᠡᠷᠡᠭᠴᠡᠭᠡ᠎ᠶᠢᠨ ᠲᠣᠭᠣᠷᠢᠨ᠎ᠳᠤ 《ᠨᠢᠭᠡ ᠴᠣᠩᠬᠤᠪᠴᠢ》᠂ 《ᠨᠢᠭᠡ ᠦᠷᠳᠡᠭᠡᠴᠢᠯᠡᠭᠰᠡᠨ ᠮᠠᠶᠢᠭ᠋》 ᠤ᠋ᠨ ᠭᠠᠳᠠᠭᠠᠳᠤ᠎ᠳᠦ ᠭᠠᠷᠬᠤ ᠦᠢᠯᠡᠴᠢᠯᠡᠭᠡᠨ᠎ᠦ ᠲᠠᠪᠴᠠᠩ᠎ᠢ ᠪᠠᠢᠭᠤᠯᠤᠨ᠎ᠠ ᠭᠡᠵᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 26᠎ᠤ᠋ ᠴᠠᠬᠢᠯᠭᠠᠨ ᠮᠡᠳᠡᠭᠡ ᠡᠴᠡ)