《ᠨᠢᠬᠡ ᠪᠠᠭᠠᠰᠴᠤ ᠨᠢᠬᠡ ᠨᠡᠮᠡᠭ᠌ᠳᠡᠭᠦ》 ᠵᠢᠨ ᠬᠤᠭᠤᠷᠤᠨᠳᠤ ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶ᠎ᠠ ᠪᠡᠷᠭᠡ ᠵᠢ ᠳᠠᠪᠠᠨ ᠤᠷᠤᠬᠰᠢᠯᠠᠪᠠ
2026-01-30 17:15:12
ᠵᠣᠬᠢᠶᠠᠭ᠍ᠴᠢ᠄
​ ᠽᠸᠦ᠎ᠳ᠋ᠦᠸᠸ ᠸᠧᠶ
ᠣᠩᠱᠢᠭ᠍ᠰᠠᠨ ᠣᠳᠠᠭ᠎ᠠ᠄
★★★☆☆

ᠪᠣᠭᠣᠮᠲᠠ᠎ᠶ᠋ᠢᠨ ᠶᠡᠷᠦᠩᠬᠡᠶ ᠵᠠᠬᠢᠷᠭ᠎ᠠ᠎ᠶ᠋ᠢᠨ ᠲᠦᠷᠦᠭᠦᠬᠡᠨ ᠨᠡᠢᠲᠡᠯᠡᠭ᠌ᠰᠡᠨ 2025 ᠣᠨ᠎ᠤ ᠭᠠᠳᠠᠭᠠᠳᠤ ᠠᠷᠠᠯᠵᠢᠶᠠᠨ᠎ᠤ ᠬᠢᠷᠢ ᠪᠦᠲᠦᠮᠵᠢ᠎ᠶ᠋ᠢᠨ ᠬᠠᠭᠤᠳᠠᠰᠤᠨ᠎ᠳᠠᠬᠢ ᠬᠣᠶᠠᠷ ᠪᠦᠯᠦᠭ ᠲᠣᠭ᠎ᠠ ᠪᠠᠷᠢᠮᠲᠠ᠎ᠶ᠋ᠢ ᠬᠠᠷᠢᠴᠠᠭᠤᠯᠪᠠᠯ᠂ ᠮᠠᠰᠢ ᠭᠦᠨᠵᠡᠭᠡᠢ ᠤᠳᠭ᠎ᠠ᠎ᠲᠠᠶ᠄

ᠨᠢᠭᠡ ᠪᠦᠯᠦᠭ ᠲᠤᠭ᠎ᠠ ᠪᠠᠷᠢᠮᠳᠠ ᠳ᠋ᠤ᠂ ᠲᠦᠷᠦᠭᠦᠦ ᠠᠷᠪᠠᠨ ᠶᠡᠬᠡ ᠠᠷᠠᠯᠵᠢᠶᠠᠨ᠎ᠤ ᠬᠠᠨᠢᠲᠠᠨ᠎ᠤ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠶᠡᠷᠦᠩᠬᠡᠶ ᠥᠷᠲᠡᠭ᠎ᠲᠡᠬᠢ ᠡᠵᠡᠯᠡᠬᠦ᠌ ᠬᠤᠪᠢ᠎ᠶ᠋ᠢᠨ ᠵᠢᠩ᠎ᠨᠢ 2024 ᠣᠨ᠎ᠤ᠎ᠬᠢ᠎ᠡᠴᠡ ᠵᠠᠭᠤᠨ᠎ᠤ  ᠬᠠᠷᠢᠴᠠᠯ᠎ᠢᠶᠡᠷ 2 ᠬᠤᠪᠢ ᠪᠠᠭᠠᠰᠴᠤ᠂ ᠲᠥᠪᠯᠡᠷᠡᠯ᠎ᠦᠨ ᠬᠡᠮᠵᠢᠶ᠎ᠡ᠎ᠨᠢ ᠡᠳᠦᠶ ᠲᠡᠳᠦᠶ ᠪᠠᠭᠤᠷᠠᠪᠠ;

ᠨᠥᠭᠥᠭᠡ ᠨᠢᠬᠡ ᠪᠦᠯᠦᠭ᠎ᠲᠤᠭ᠎ᠠ ᠪᠠᠷᠢᠮᠳᠠ ᠳ᠋ᠤ᠂ ᠪᠥᠬᠥ᠌ ᠳᠡᠯᠡᠬᠡᠶ᠎ᠶ᠋ᠢᠨ ᠮᠠᠨ᠎ᠤ ᠤᠯᠤᠰ ᠯᠤᠭ᠎ᠠ ᠠᠷᠠᠯᠵᠢᠶᠠᠨ᠎ᠤ ᠶᠠᠪᠤᠯᠴᠠᠭ᠎ᠠ᠎ᠲᠠᠶ ᠤᠯᠤᠰ ᠪᠠ ᠭᠠᠵᠠᠷ ᠣᠷᠣᠨ 249 ᠪᠣᠯᠵᠣ᠂ ᠡᠭᠦᠨ᠎ᠳᠦ ᠠᠷᠠᠯᠵᠢᠶᠠᠨ᠎ᠤ ᠬᠡᠪᠴᠢᠶ᠎ᠡ᠎ᠨᠢ ᠲᠦᠮᠡᠨ ᠳ᠋ᠦᠩᠱᠢᠭᠤᠷ᠂ ᠮᠢᠩᠭᠠᠨ ᠳ᠋ᠦᠩᠱᠢᠭᠤᠷ ᠪᠠ ᠵᠠᠭᠤᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠤᠯᠤᠰ ᠪᠠ ᠭᠠᠵᠠᠷ ᠣᠷᠣᠨ 2024 ᠣᠨ᠎ᠤ᠎ᠬᠢ᠎ᠡᠴᠡ ᠲᠣᠰ ᠲᠣᠰ 2᠂ 6 ᠪᠠ 10 ᠨᠡᠮᠡᠭ᠌ᠳᠡᠵᠡᠶ᠃

ᠲᠣᠭ᠎ᠠ᠎ᠪᠠᠷ ᠬᠡᠯᠪᠡᠷᠢ᠎ᠶ᠋ᠢ ᠱᠢᠨᠵᠢᠵᠦ᠍᠂ ᠲᠣᠭ᠎ᠠ᠎ᠪᠠᠷ ᠪᠠᠢᠳᠠᠯ᠎ᠢ ᠠᠵᠢᠭ᠍ᠯᠠᠨ᠎ᠠ᠃ 《ᠨᠢᠬᠡ ᠪᠠᠭᠠᠰᠴᠤ ᠨᠢᠬᠡ ᠨᠡᠮᠡᠭ᠌ᠳᠡᠭᠦ》 ᠵᠢᠨ ᠬᠤᠭᠤᠷᠤᠨᠳᠤ᠂ ᠥᠷᠭᠡᠨ ᠤᠯᠠᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠤᠯᠠᠨ ᠡᠱᠢᠵᠢᠭ᠌ᠰᠡᠨ ᠵᠠᠬ᠎ᠠ ᠳᠡᠯᠭᠡᠭᠦᠷ᠎ᠢ ᠪᠡᠬᠢᠵᠢᠭᠦᠯᠦᠨ ᠥᠷᠭᠡᠳᠭᠡᠭ᠌ᠰᠡᠨ ᠢᠳᠡᠪᠬᠢᠲᠡᠢ ᠦᠷ᠎ᠡ ᠪᠦᠲᠦᠮᠵᠢ᠎ᠶ᠋ᠢ ᠢᠯᠡᠷᠡᠭᠦᠯᠦᠭ᠌ᠰᠡᠨ ᠪᠥᠭᠡᠳ ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶ᠎ᠠ ᠬᠤᠪᠢᠷᠠᠯᠲᠠ᠎ᠳᠤ ᠵᠣᠬᠢᠴᠠᠵᠤ᠂ ᠪᠡᠷᠬᠡ ᠵᠢ ᠳᠠᠪᠠᠨ ᠤᠷᠤᠭ᠍ᠰᠢᠯᠠᠵᠤ᠂ ᠤᠯᠠᠨ ᠡᠱᠢᠵᠢᠯᠳᠡ᠎ᠶᠢᠨ ᠵᠠᠮ ᠶᠠᠪᠤᠬᠤ ᠳᠤᠳᠤᠮ ᠥᠷᠭᠡᠵᠢᠵᠦ᠍ ᠪᠠᠢᠬᠤ᠎ᠶ᠋ᠢ ᠬᠠᠷᠠᠭᠤᠯᠪᠠ᠃

ᠥᠩᠭᠡᠷᠡᠭ᠌ᠰᠡᠨ ᠨᠢᠭᠡ ᠵᠢᠯ᠎ᠢ ᠡᠷᠭᠢᠴᠡᠭᠦᠯᠪᠡᠯ᠂ ᠳᠡᠯᠡᠬᠡᠢ᠎ᠶ᠋ᠢᠨ ᠤᠷᠴᠢᠨ ᠠᠬᠤᠢ ᠤᠯᠠᠷᠢᠨ ᠬᠤᠪᠢᠰᠴᠤ᠂ ᠳᠡᠯᠡᠬᠡᠢ᠎ᠶ᠋ᠢᠨ ᠠᠵᠤ ᠠᠬᠤᠢ ᠠᠷᠠᠯᠵᠢᠶᠠᠨ᠎ᠤ ᠡᠮᠬᠢ ᠳᠢᠭ᠌ᠯᠢᠮ ᠬᠦᠨᠳᠦ ᠶᠡᠬᠡ ᠥᠷᠢᠰᠥᠯᠳᠦᠭᠡᠨ᠎ᠳᠦ ᠲᠤᠯᠭᠠᠷᠠᠪᠠ᠃ ᠣᠷᠴᠢᠨ ᠠᠬᠤᠢ᠎ᠳᠤ ᠭᠡᠨᠡᠳᠲᠡ᠎ᠶ᠋ᠢᠨ ᠬᠤᠪᠢᠷᠠᠯᠲᠠ ᠭᠠᠷᠬᠤ ᠪᠦᠷᠢ ᠲᠠᠩ ᠭᠠᠭ᠍ᠴᠠ ᠵᠠᠬ᠎ᠠ ᠳᠡᠯᠭᠡᠭᠦᠷ ᠪᠤᠶᠤ ᠦᠢᠯᠡᠳᠬᠦᠨ᠎ᠳᠦ ᠬᠡᠳᠦ ᠲᠥᠪᠯᠡᠷᠡᠬᠦ᠌ ᠭᠠᠳᠠᠭᠠᠳᠤ ᠠᠷᠠᠯᠵᠢᠶᠠᠨ᠎ᠤ ᠵᠠᠭ᠍ᠪᠤᠷ ᠨᠢ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠰᠠᠨᠠᠭᠠᠴᠢᠯᠠᠭᠠᠲᠤ ᠪᠤᠰᠤ ᠪᠠᠢᠳᠠᠯ᠎ᠳᠤ ᠣᠷᠣᠭᠤᠯᠬᠤ ᠴᠢᠨᠠᠭ᠍ᠰᠢᠯᠠᠪᠠᠯ ᠬᠢᠮᠤᠷᠠᠯ᠎ᠳᠤ ᠤᠴᠠᠷᠠᠭᠤᠯᠵᠤ ᠮᠡᠳᠡᠬᠦ᠌᠎ᠶ᠋ᠢ ᠲᠡᠦᠬᠡ᠎ᠶ᠋ᠢᠨ ᠲᠤᠷᠱᠢᠯᠭ᠎ᠠ ᠪᠢᠳᠡᠨ᠎ᠳᠦ ᠬᠡᠯᠡᠵᠦ᠍ ᠥᠭ᠌ᠴᠡᠢ᠃

ᠥᠷᠢᠰᠥᠯᠳᠦᠭᠡᠨ ᠪᠣᠯ ᠵᠠᠮ ᠬᠠᠢᠵᠤ ᠤᠷᠤᠭ᠍ᠰᠢᠯᠠᠬᠤ ᠤᠷᠢᠯᠭ᠎ᠠ᠎ᠶ᠋ᠢᠨ ᠪᠢᠴᠢᠭ ᠮᠥᠨ᠂ ᠱᠢᠨ᠎ᠡ᠎ᠶ᠋ᠢ ᠡᠭᠦᠳᠴᠦ ᠬᠤᠪᠢᠷᠠᠯᠳᠠ ᠵᠢ ᠡᠷᠢᠯᠬᠢᠯᠡᠬᠦ ᠨᠢ ᠠᠵᠠ ᠲᠣᠬᠢᠶᠠᠯ᠎ᠢ ᠠᠪᠴᠢᠷᠠᠳᠠᠭ᠃ ᠭᠱᠠᠨ ᠵᠠᠭᠤᠷ᠎ᠠ ᠲᠦᠮᠡᠨᠳᠡ ᠬᠤᠪᠢᠷᠠᠬᠤ ᠤᠯᠠᠨ ᠤᠯᠤᠰ᠎ᠤᠨ ᠵᠠᠬ᠎ᠠ ᠳᠡᠯᠭᠡᠭᠦᠷ᠎ᠲᠤᠮᠳᠠ᠂ ᠨᠡᠩ ᠤᠯᠠᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠢᠳᠡᠪᠬᠢᠲᠡᠢ᠎ᠪᠡᠷ ᠬᠤᠪᠢᠷᠠᠯᠲᠠ᠎ᠶ᠋ᠢ ᠡᠷᠢᠯᠬᠢᠯᠡᠵᠦ᠍᠂ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍ ᠪᠤᠢ᠄ ᠵᠢᠶᠠᠩᠰᠦ᠂ ᠬᠤᠪᠸᠢ᠂ ᠵᠧᠵᠢᠶᠠᠩ᠂ ᠱᠠᠩᠬᠠᠢ ᠵᠡᠷᠭᠡ ᠭᠠᠵᠠᠷ᠎ᠤᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠭᠠᠷ ᠬᠤᠯᠪᠤᠯᠴᠠᠨ ᠪᠦᠯᠦᠭ᠌ᠯᠡᠵᠤ ᠪᠦᠬᠦ᠌ ᠪᠥᠮᠪᠥᠷᠴᠡᠭ᠎ᠤᠨ ᠵᠠᠬ᠎ᠠ ᠲᠡᠯᠬᠡᠬᠦᠷ᠎ᠤᠨ ᠦᠷᠢᠰᠦᠯᠳᠦᠬᠡᠨ᠎ᠢ ᠤᠬᠳᠤᠨ ᠤᠷᠤᠬᠰᠢᠯᠠᠵᠤ᠂ ᠱᠢᠨ᠎ᠡ᠎ᠪᠡᠷ ᠮᠠᠨᠳᠤᠭ᠍ᠰᠠᠨ ᠵᠠᠬ᠎ᠠ ᠳᠡᠯᠭᠡᠭᠦᠷ ᠨᠢ ᠦᠷᠢᠰᠦᠯᠳᠦᠨ ᠤᠷᠤᠭ᠍ᠰᠢᠯᠠᠬᠤ ᠬᠠᠯᠠᠭᠤᠨ ᠬᠥᠷᠥᠰᠥ᠍ ᠪᠣᠯᠵᠠᠢ; ᠱᠢᠨᠵᠢᠶᠠᠩ᠎ᠤᠨ ᠬᠤᠷᠭᠤᠰ ᠪᠣᠭᠣᠮᠲᠠ᠎ᠳᠤ ᠬᠦᠷᠴᠦ ᠦᠵᠡᠪᠡᠯ᠂ ᠡᠳᠦᠷ ᠲᠤᠲᠤᠮ᠎ᠤᠨ ᠬᠡᠷᠡᠭ᠌ᠯᠡᠭᠡᠨ᠎ᠦ ᠪᠦᠷᠢᠨ ᠪᠠᠷᠠᠭ᠎ᠠ᠂ ᠡᠯᠧᠺᠲ᠋ᠷᠣᠨ ᠲᠣᠨᠣᠭ ᠵᠡᠷᠭᠡ 《ᠳᠤᠮᠳᠠᠳᠤ ᠤᠯᠤᠰ᠎ᠤᠨ ᠰᠠᠢᠨ ᠡᠳ᠋》 ᠬᠣᠢᠨ᠎ᠠ ᠬᠣᠢᠨ᠎ᠠ ᠡᠴᠡ᠎ᠪᠠᠨ ᠴᠤᠪᠤᠭ᠎ᠠ ᠲᠡᠷᠭᠡ᠂ ᠮᠠᠱᠢᠨ ᠲᠡᠷᠭᠡᠨ᠎ᠳᠦ 《ᠰᠠᠭᠤᠵᠤ》 ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠲᠤ ᠬᠦᠷᠭᠡᠭᠳᠡᠨ᠎ᠠ; ᠮᠠᠰᠢ ᠤᠯᠠᠨ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠲᠠᠰᠤᠭ᠎ᠲᠤ᠂ ᠳᠤᠮᠳᠠᠳᠤ ᠳᠣᠷᠣᠨᠠᠲᠤ᠂ ᠯᠠᠲ᠋ᠢᠨ ᠠᠮᠧᠷᠢᠺᠠ᠂ ᠠᠹᠷᠢᠺᠠ ᠲᠢᠪ ᠵᠡᠷᠭᠡ ᠭᠠᠵᠠᠷ ᠤᠷᠤᠨ ᠤ᠋ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠳᠦ ᠲᠤᠬᠢᠷᠠᠬᠤ ᠦᠢᠯᠡᠳᠬᠦᠨ᠎ᠢ ᠲᠠᠰᠤᠷᠠᠯᠳᠠ ᠦᠬᠡᠢ ᠦᠢᠯᠡᠳᠪᠦᠷᠢᠯᠡᠵᠦ᠍ ᠬᠡᠷᠡᠭᠯᠡᠭᠡ᠎ᠳᠦ ᠤᠷᠤᠭᠤᠯᠵᠤ ᠪᠠᠢᠨ᠎ᠠ  ᠁

ᠭᠠᠳᠠᠭᠠᠳᠤ ᠠᠷᠠᠯᠵᠢᠶ᠎ᠠ ᠬᠢᠳᠡᠭ ᠬᠦᠮᠦᠰ ᠳᠠᠩᠳᠠ ᠨᠠᠢᠵᠠ ᠣᠯᠠᠨ ᠬᠦᠮᠦᠨ ᠤ᠋ ᠵᠠᠮ ᠦᠷᠭᠡᠨ ᠬᠡᠳᠡᠭ᠃

2025 ᠣᠨ᠎ᠳᠤ᠂ ᠮᠠᠨ᠎ᠤ ᠤᠯᠤᠰ᠎ᠤᠨ ᠲᠠᠪᠤᠨ ᠶᠡᠬᠡ ᠲᠢᠪ᠎ᠦᠨ ᠨᠠᠭᠠᠳᠤ ᠵᠠᠬ᠎ᠠ᠎ᠳᠠᠭᠠᠨ 60% ᠵᠢᠨ ᠤᠯᠤᠰ ᠪᠣᠯᠤᠨ ᠭᠠᠵᠠᠷ ᠣᠷᠣᠨ ᠯᠤᠭ᠎ᠠ᠎ᠶᠢᠨ ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ ᠨᠡᠮᠡᠭ᠌ᠳᠡᠪᠡ᠃ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ ᠨᠢᠭᠡᠨᠲᠡ ᠪᠦᠬᠦ᠌ ᠪᠥᠮᠪᠥᠷᠴᠡᠭ᠎ᠦᠨ 160 ᠭᠠᠷᠤᠢ ᠤᠯᠤᠰ ᠪᠠ ᠭᠠᠵᠠᠷ ᠣᠷᠣᠨ᠎ᠤ ᠭᠣᠣᠯ ᠪᠣᠯᠬᠤ ᠠᠷᠠᠯᠵᠢᠶᠠᠨ᠎ᠤ ᠬᠠᠨᠢᠲᠠᠨ ᠪᠤᠯᠵᠤ᠂ 2020 ᠣᠨ᠎ᠤ ᠬᠢ᠎ᠡᠴᠡ 20 ᠭᠠᠷᠤᠢ ᠨᠡᠮᠡᠭ᠌ᠳᠡᠵᠡᠢ᠃

《ᠭᠠᠭᠴᠠ ᠬᠦ᠌ ᠲᠠᠰᠤᠷᠠᠯᠲᠠ ᠦᠭᠡᠢ ᠭᠠᠳᠠᠭ᠍ᠰᠢ ᠭᠠᠷᠪᠠᠯ ᠰᠠᠶᠢ ᠰᠢᠨ᠎ᠡ ᠶᠢᠷᠲᠢᠨᠴᠦ᠎ᠶᠢ ᠨᠡᠭᠡᠭᠡᠵᠦ ᠴᠢᠳᠠᠨ᠎ᠠ》᠃ ᠭᠤᠸᠠᠨᠭᠳᠦᠢ᠍ᠩ᠎ᠦᠨ ᠨᠢᠭᠡᠨ ᠭᠡᠷ᠎ᠦᠨ ᠡᠳ᠋ᠯᠡᠯ ᠬᠡᠷᠡᠭᠰᠡᠯ ᠦᠢᠯᠡᠳᠬᠦ ᠠᠵᠤ ᠠᠬᠤᠢᠯᠠᠯ᠎ᠤᠨ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠳᠤ᠂ ᠨᠡᠮᠡᠭᠳᠡᠯ᠎ᠦᠨ ᠬᠡᠮᠵᠢᠶ᠎ᠡ᠎ᠶᠢ ᠠᠭᠤᠳᠠᠯᠬᠤ᠎ᠶᠢᠨ ᠲᠥᠯᠥᠭᠡ᠂ 2025 ᠣᠨ᠎ᠳᠤ ᠺᠣᠮᠫᠠᠨᠢ ᠨᠢ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠵᠡᠷᠭᠡ ᠰᠢᠨ᠎ᠡ᠎ᠪᠡᠷ ᠮᠠᠨᠳᠤᠭᠰᠠᠨ ᠵᠠᠬ᠎ᠠ ᠳᠡᠯᠭᠡᠭᠦᠷ᠎ᠲᠦ ᠭᠠᠳᠠᠭᠠᠳᠤ᠎ᠶᠢᠨ ᠣᠷᠣᠨ ᠪᠦᠰᠡ᠎ᠶᠢᠨ ᠡᠵᠡᠩᠨᠡᠯᠲᠡ᠎ᠶᠢᠨ ᠲᠥᠪ᠂ ᠦᠵᠡᠭᠦᠯᠭᠡ᠎ᠶᠢᠨ ᠲᠢᠩᠬᠢᠮ ᠵᠢᠴᠢ ᠬᠥᠮᠥᠷᠭᠡᠯᠡᠨ ᠬᠠᠳᠠᠭᠠᠯᠠᠬᠤ ᠲᠥᠪ᠎ᠢ ᠪᠠᠢᠭᠤᠯᠵᠤ᠂ ᠪᠦᠬᠦ ᠪᠥᠮᠪᠥᠷᠴᠡᠭ᠎ᠦᠨ ᠡᠵᠡᠩᠨᠡᠨ ᠪᠣᠷᠣᠯᠠᠭᠤᠯᠬᠤ ᠬᠤᠳᠠᠯᠳᠤᠭᠠᠨ᠎ᠤ ᠲᠤᠤᠷ᠎ᠢ ᠪᠤᠵᠠᠭᠠᠢᠷᠠᠭᠤᠯᠬᠤ᠎ᠪᠠᠷ ᠳᠠᠮᠵᠢᠵᠤ᠂ ᠭᠠᠳᠠᠭᠠᠳᠤ᠎ᠶᠢᠨ ᠵᠠᠬᠢᠶᠠᠯᠠᠭ᠎ᠠ᠎ᠶᠢᠨ ᠲᠣᠭᠲᠠᠭᠤᠨ᠎ᠢᠶᠠᠷ ᠨᠡᠮᠡᠭᠳᠡᠬᠦ᠎ᠶᠢ ᠲᠠᠢ᠍ᠢᠴᠢᠯᠠᠵᠠᠢ ᠭᠡᠪᠡ᠃ 《ᠬᠡᠷᠡᠭᠴᠡᠭᠡ᠎ᠶᠢ ᠠᠩᠬᠠᠷᠴᠤ᠂ ᠬᠠᠨᠳᠤᠰᠢ᠎ᠶᠢᠨ ᠬᠤᠪᠢᠷᠠᠯᠲᠠ᠎ᠶᠢ ᠳᠠᠭᠠᠪᠠᠯ᠂ ᠰᠠᠭᠠᠳ ᠪᠡᠷᠭᠡ ᠨᠢ ᠴᠤ᠌ ᠠᠵᠠ ᠲᠣᠬᠢᠶᠠᠯ ᠪᠤᠯᠤᠨ ᠬᠤᠪᠢᠷᠠᠵᠤ ᠴᠢᠳᠠᠨ᠎ᠠ!》 ᠭᠡᠵᠤ ᠲᠤᠰ ᠬᠠᠷᠢᠭᠤᠴᠠᠯᠭᠠᠲᠠᠨ ᠰᠡᠳᠬᠢᠯ ᠬᠥᠳᠡᠯᠦᠨ ᠶᠠᠷᠢᠵᠤ ᠪᠠᠢᠯ᠎ᠠ᠃

ᠣᠯᠠᠨ ᠵᠢᠯ᠎ᠦᠨ ᠲᠤᠷᠰᠢ ᠂ ᠳᠡᠯᠡᠬᠡᠢ᠎ᠶᠢᠨ《ᠬᠠᠳᠠᠭᠤ ᠬᠡᠷᠡᠭᠴᠡᠭᠡ》 ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠦᠢᠯᠡᠳᠬᠦ ᠦᠢᠯᠡᠰ ᠨᠢ ᠡᠯᠪᠡᠭ ᠪᠠᠶᠠᠯᠢᠭ᠋ ᠬᠡᠮᠵᠢᠶ᠎ᠡ ᠪᠠ ᠣᠯᠠᠨ ᠶᠠᠩᠵᠤᠲᠤ ᠴᠢᠨᠠᠷ᠎ᠢᠶᠠᠷ᠎ᠢᠶᠠᠨ ᠠᠯᠳᠠᠷᠰᠢᠵᠤ᠂ ᠭᠠᠳᠠᠭᠠᠳᠤ᠎ᠶᠢᠨ ᠵᠠᠷᠢᠮ ᠰᠦᠯᠵᠢᠶᠡᠨ ᠠᠨᠳᠠ ᠨᠠᠷ 《 ᠭᠡᠷᠡᠭᠯᠡᠭᠴᠢ ᠶᠠᠭᠤ ᠠᠪᠤᠨ᠎ᠠ ᠭᠡᠪᠡᠯ ᠲᠡᠭᠦᠨ᠎ᠢ ᠨᠢ ᠦᠢᠯᠡᠳᠴᠦ ᠪᠠᠢᠨ᠎ᠠ 》 ᠭᠡᠵᠦ ᠮᠠᠭᠲᠠᠵᠠᠢ᠃

ᠭᠠᠳᠠᠭᠠᠳᠤ ᠭᠠᠷᠭᠠᠯᠲᠠ᠎ᠶᠢᠨ ᠠᠮᠢᠵᠢᠷᠠᠯ᠎ᠤᠨ ᠬᠦᠴᠦᠨ ᠲᠣᠪᠣᠢᠮ᠎ᠠ ᠪᠣᠯᠵᠤ᠂ ᠭᠠᠳᠠᠭᠠᠳᠤ ᠣᠷᠣᠭᠤᠯᠤᠯᠲᠠ᠎ᠶᠢᠨ ᠬᠠᠨᠳᠤᠰᠢ ᠶᠠᠭ ᠥᠷᠨᠢᠨ ᠬᠥᠭᠵᠢᠵᠦ ᠪᠠᠢᠨ᠎ᠠ᠃ ᠣᠢᠷ᠎ᠠ᠎ᠳᠤ᠂《 ᠭᠸᠷᠮᠠᠨ ᠠᠵᠤ ᠠᠬᠤᠢᠯᠠᠯ᠎ᠤᠨ ᠨᠤᠲᠤᠭ》 ᠬᠡᠮᠡᠭᠳᠡᠭᠰᠡᠨ ᠰᠦᠵᠧᠦ᠎ᠶᠢᠨ ᠲᠠᠢ ᠼᠠᠩ ᠬᠣᠲᠠ᠎ᠳᠤ ᠂ 2 ᠳ᠋ᠦᠩᠰᠢᠭᠤᠷ ᠡᠸᠦ᠋ᠷᠤ᠋ ᠵᠢᠨ ᠥᠷᠲᠡᠭ ᠪᠦᠬᠦᠢ ᠭᠸᠷᠮᠠᠨ᠎ᠤ ᠠᠵᠤ ᠦᠢᠯᠡᠳᠪᠦᠷᠢ᠎ᠶᠢᠨ ᠮᠠᠰᠢᠨ ᠬᠥᠮᠥᠨ᠎ᠢ ᠣᠩᠭᠣᠴᠠᠨ᠎ᠳᠤ ᠲᠡᠭᠡᠭᠡᠵᠦ ᠭᠠᠳᠠᠭᠠᠳᠤ᠎ᠳᠤ ᠭᠠᠷᠭᠠᠬᠤ᠎ᠶᠢᠨ ᠬᠠᠮᠳᠤ ᠂ ᠦᠢᠯᠡᠳᠪᠦᠷᠢ᠎ᠶᠢᠨ ᠲᠠᠰᠤᠭ᠎ᠲᠤ ᠡᠮᠦᠨᠡᠬᠡᠨ ᠰᠸᠢᠰ᠎ᠡᠴᠡ ᠣᠷᠣᠭᠤᠯᠤᠭᠰᠠᠨ ᠬᠤᠷᠳᠤ ᠰᠠᠭᠠᠷᠠᠭᠤᠯᠤᠭᠴᠢ ᠠᠵᠢᠯᠯᠠᠵᠤ ᠪᠠᠢᠯ᠎ᠠ᠃ 2025 ᠣᠨ᠎ᠳᠤ᠂ ᠮᠠᠨ᠎ᠤ ᠤᠯᠤᠰ 18.48 ᠲᠦᠮᠡᠨ ᠳ᠋ᠦᠩᠰᠢᠭᠤᠷ ᠲᠥᠭᠥᠷᠢᠭ᠎ᠦᠨ ᠲᠠᠸᠠᠷ᠎ᠢ ᠭᠠᠳᠠᠭᠠᠳᠤ᠎ᠡᠴᠡ ᠣᠷᠣᠭᠤᠯᠵᠤ᠂ ᠪᠦᠬᠦ ᠪᠥᠮᠪᠥᠷᠴᠡᠭ᠎ᠦᠨ ᠭᠠᠳᠠᠭᠠᠳᠤ᠎ᠡᠴᠡ ᠣᠷᠣᠭᠤᠯᠬᠤ ᠬᠤᠪᠢ᠎ᠶᠢᠨ ᠵᠢᠩ᠎ᠤᠨ 10% ᠣᠷᠴᠢᠮ᠎ᠢ ᠡᠵᠡᠯᠡᠪᠡ᠃ ᠠᠦ᠋ᠰᠲᠷᠠᠯᠢᠶ᠎ᠠ᠎ᠶᠢᠨ ᠰᠢᠨ᠎ᠡ ᠰᠣᠷᠭᠣᠭ ᠠᠯᠮᠤᠷᠠᠳ᠂ ᠽᠢᠮᠪᠠᠪᠦ᠋ᠸᠧᠶ᠎ᠶᠢᠨ ᠰᠢᠨ᠎ᠡ ᠰᠣᠷᠭᠣᠭ ᠨᠠᠷᠰᠦ᠂ ᠨᠣᠷᠸᠠᠢ᠎ᠶᠢᠨ ᠡᠮᠴᠢᠯᠡᠭᠡ ᠡᠷᠡᠭᠦᠯᠵᠢᠯ᠎ᠦᠨ ᠪᠦᠲᠦᠭᠡᠭᠳᠡᠬᠦᠨ ᠵᠡᠷᠭᠡ ᠥᠪᠡᠷᠮᠢᠴᠡ ᠣᠨᠴᠠᠯᠢᠭ᠋᠎ᠲᠠᠢ ᠦᠢᠯᠡᠳᠬᠦᠨ ᠨᠢ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠦᠨ ᠡᠭᠦᠳᠡ᠎ᠶᠢ ᠨᠡᠭᠡᠭᠡᠵᠡᠢ᠃

《ᠬᠠᠷᠢᠴᠠᠭ᠎ᠠ ᠬᠤᠯᠪᠤᠭ᠎ᠠ ᠪᠡᠨ ᠲᠠᠰᠤᠯᠬᠤ》᠂《ᠦᠪᠡᠷ᠎ᠤᠨ ᠤᠯᠤᠰ ᠵᠢᠠᠨ ᠤᠷᠢᠳ᠎ᠢᠶᠡᠷ ᠪᠣᠳᠣᠯᠬᠢᠯᠠᠬᠤ》 ᠦᠵᠡᠭᠳᠡᠯ ᠬᠡᠴᠡᠬᠦᠳᠡᠭᠰᠡᠨ ᠪᠠᠢᠳᠠᠯ ᠲᠤᠤᠷ᠎ᠠ᠂ ᠳᠤᠮᠳᠠᠳᠤ ᠤᠯᠤᠰ ᠭᠠᠳᠠᠭᠠᠳᠤ ᠣᠷᠣᠭᠤᠯᠤᠯᠲᠠ ᠵᠢ ᠥᠷᠭᠡᠳᠬᠡᠬᠦ ᠴᠢᠩ ᠦᠨᠡᠨᠴᠢ ᠰᠡᠳᠬᠢᠯ᠎ᠢᠶᠡᠷ᠂ 《ᠬᠡᠨ ᠠᠯᠢᠨ ᠡᠴᠡ ᠪᠡᠨ ᠰᠠᠯᠵᠤ ᠴᠢᠳᠠᠬᠤ ᠦᠭᠡᠢ》 ᠬᠠᠮᠲᠤ ᠪᠠᠷ ᠠᠰᠢᠭ᠋ ᠬᠦᠷᠳᠡᠬᠦ ᠪᠠᠢᠷᠢᠰᠢᠯ᠎ᠢᠶᠠᠷ ᠳᠡᠯᠡᠬᠡᠢ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠳᠤ  ᠲᠣᠭᠲᠠᠪᠤᠷᠢᠲᠤ ᠴᠢᠨᠠᠷ ᠪᠠ ᠲᠤᠭᠲᠠᠭᠠᠯᠲᠦ ᠴᠢᠨᠠᠷ᠎ᠢ ᠨᠡᠮᠡᠷᠢᠯᠡᠪᠡ᠃

ᠭᠠᠳᠠᠭᠠᠳᠤ ᠠᠷᠠᠯᠵᠢᠶ᠎ᠠ᠎ᠶᠢᠨ ᠬᠡᠮᠵᠢᠶ᠎ᠡ ᠲᠣᠭᠲᠠᠭᠤᠨ ᠪᠠᠢᠵᠤ ᠶᠠᠰᠤ ᠴᠢᠨᠠᠷ ᠳᠡᠭᠡᠭᠰᠢᠯᠡᠭᠰᠡᠨ᠎ᠦ ᠠᠷᠤ᠎ᠳᠤ ᠡᠵᠡᠩᠨᠡᠯᠲᠡ᠎ᠶᠢᠨ ᠭᠣᠣᠯ ᠴᠣᠭᠴᠠ᠎ᠶᠢᠨ ᠦᠰᠦᠨ ᠬᠦᠭᠵᠢᠯᠲᠡ ᠪᠤᠢ᠃ 2025 ᠣᠨ᠎ᠳᠤ᠂ ᠮᠠᠨ᠎ᠤ ᠤᠯᠤᠰ᠎ᠤᠨ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠲᠡᠮᠳᠡᠭᠯᠡᠯ᠎ᠲᠠᠢ ᠡᠵᠡᠩᠨᠡᠯᠲᠡ᠎ᠶᠢᠨ ᠭᠣᠣᠯ ᠴᠣᠭᠴᠠ 78 ᠲᠦᠮᠡ᠎ᠶᠢ ᠳᠠᠪᠡᠵᠤ᠂ ᠡᠭᠦᠨ᠎ᠳᠦ ᠠᠷᠠᠳ᠎ᠤᠨ ᠡᠵᠡᠨᠭᠨᠡᠯᠲᠡ ᠵᠢᠨ ᠠᠵᠤ ᠠᠬᠤᠢᠯᠠᠯ᠎ᠤᠨ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠶᠡᠷᠦᠩᠬᠡᠢ ᠦᠷᠳᠡᠭ᠎ᠲᠡᠬᠢ ᠡᠵᠡᠯᠡᠬᠦ ᠬᠤᠪᠢ᠎ᠶᠢᠨ ᠵᠢᠩ ᠵᠠᠭᠤᠨ᠎ᠤ ᠬᠠᠷᠢᠴᠠᠯ ᠵᠢᠡᠷ 1.8 ᠬᠤᠪᠢ ᠪᠠᠢᠬᠰᠠᠨ ᠡᠴᠡ ᠪᠠᠨ 57.3% ᠬᠦᠷᠲᠡᠯ᠎ᠡ ᠳᠡᠭᠡᠭᠰᠢᠯᠡᠵᠦ᠂ ᠥᠷᠭᠡᠨ ᠤᠯᠠᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠬᠦᠴᠢᠷ᠎ᠢ ᠰᠥᠷᠦᠨ ᠤᠷᠤᠭᠰᠢᠯᠠᠵᠤ᠂ ᠰᠠᠯᠬᠢ ᠪᠣᠷᠣᠭᠠᠨ᠎ᠤ ᠳᠤᠮᠳᠠ ᠦᠰᠦᠨ ᠪᠤᠵᠠᠭᠠᠢᠷᠠᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶ᠎ᠠ ᠲᠣᠭᠲᠠᠯ ᠬᠦᠴᠦᠨ᠎ᠢᠶᠡᠨ ᠪᠠᠲᠤᠯᠠᠵᠤ᠂ ᠵᠣᠷᠢᠭ᠍ᠲᠠᠢ᠎ᠪᠠᠷ ᠤᠷᠤᠰᠬᠠᠯ᠎ᠤᠨ ᠡᠮᠦᠨ᠎ᠡ ᠵᠣᠭᠰᠣᠵᠤ᠂ ᠨᠡᠭᠡᠭᠡᠯᠲᠡ ᠬᠢᠬᠦ᠎ᠪᠡᠷ ᠳᠠᠷᠪᠠᠭᠤᠯ ᠪᠣᠯᠭᠠᠵᠤ᠂ ᠰᠢᠨ᠎ᠡ᠎ᠶᠢ ᠡᠭᠦᠳᠬᠦ᠎ᠪᠡᠷ ᠰᠡᠯᠢᠭᠦᠷ ᠪᠣᠯᠭᠠᠵᠤ᠂ ᠳᠡᠯᠡᠬᠡᠢ᠎ᠶᠢᠨ ᠠᠵᠤ ᠠᠬᠤᠢ ᠠᠷᠠᠯᠵᠢᠶᠠᠨ᠎ᠤ ᠨᠡᠯᠦᠬᠡᠷ ᠶᠡᠬᠡ ᠲᠠᠯᠠᠢ ᠳᠤᠮᠳᠠ ᠰᠠᠯᠬᠢ ᠳᠠᠪᠠᠯᠭᠠᠨ᠎ᠢ ᠰᠦᠷᠦᠨ ᠤᠷᠤᠬᠰᠢᠯᠠᠵᠤ᠂ ᠳᠡᠯᠡᠬᠡᠢ᠎ᠶᠢᠨ ᠠᠵᠤ ᠠᠬᠤᠢ᠎ᠶᠢᠨ ᠰᠡᠷᠭᠦᠯᠲᠡ ᠪᠣᠯᠣᠨ ᠤᠷᠳᠤ ᠬᠤᠭᠤᠴᠠᠭᠠᠨ᠎ᠤ ᠬᠥᠭᠵᠢᠯᠲᠡ᠎ᠳᠦ ᠨᠡᠩ ᠴᠢᠩᠭ᠎ᠠ ᠢᠲᠡᠭᠡᠯ ᠵᠣᠷᠢᠭ᠋ ᠬᠦᠴᠦᠨ ᠴᠢᠳᠠᠯ᠎ᠢ ᠨᠡᠮᠡᠷᠢᠯᠡᠬᠦ ᠪᠣᠯᠣᠨ᠎ᠠ᠃

 (ᠰᠢᠨᠬᠤᠸᠠ ᠬᠤᠷᠢᠶ᠎ᠡ ᠵᠢᠨ ᠪᠡᠬᠡᠵᠢᠩ᠎ᠤᠨ 1 ᠰᠠᠷ᠎ᠠ ᠵᠢᠨ 28᠎ᠤ ᠴᠠᠬᠢᠯᠭᠠᠨ ᠮᠡᠳᠡᠬᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号