ᠰᠢᠨᠬᠤᠸᠠ ᠴᠢᠮᠡᠭᠡᠯᠡᠯ᠎ᠦᠨ ᠬᠣᠷᠢᠶ᠎ᠠ᠎ᠶᠢᠨ ᠨᠠᠢᠷᠠᠭᠤᠯᠤᠨ ᠵᠣᠬᠢᠶᠠᠭᠰᠠᠨ 《ᠳᠤᠮᠳᠠᠳᠤ ᠤᠯᠤᠰ᠎ᠤᠨ ᠠᠵᠤ ᠠᠬᠤᠢ᠎ᠶᠢᠨ ᠦᠯᠢᠭᠡᠷ ᠬᠡᠪ᠎ᠤᠨ ᠠᠵᠢᠭ᠍ᠯᠠᠯᠲᠠ·ᠰᠢᠶᠠᠨᠤᠬᠡᠪᠴᠢᠶᠡᠨᠤ ᠦᠯᠢᠭᠡᠷ ᠬᠡᠪ》ᠨᠣᠮ᠎ᠢ ᠣᠢᠷ᠎ᠠ᠎ᠶᠢᠨ ᠡᠳᠦᠷ ᠰᠢᠨᠬᠤᠸᠠ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠂ ᠪᠦᠬᠦ ᠤᠯᠤᠰ᠎ᠲᠤ ᠲᠠᠷᠬᠠᠭᠠᠪᠠ᠃ ᠲᠣᠰ ᠨᠣᠮ᠎ᠤᠨ ᠲᠣᠭᠠᠴᠢᠯᠠᠭᠰᠠᠨ ᠬᠡᠪᠯᠡᠯ᠎ᠢ ᠤᠯᠤᠰ᠎ᠤᠨ ᠳᠣᠲᠣᠭᠠᠳᠤ᠎ᠶᠢᠨ ᠡᠯ᠎ᠡ ᠲᠣᠮᠣ᠌ ᠡᠯᠧᠺᠲᠷᠣᠨ ᠤᠩᠰᠢᠯᠭ᠎ᠠ᠎ᠶᠢᠨ ᠲᠠᠪᠴᠠᠩ᠎ᠳᠤ ᠣᠷᠣᠭᠤᠯᠬᠤ ᠪᠣᠯᠣᠨ᠎ᠠ᠃
ᠰᠢᠶᠠᠨ᠎ᠤ ᠬᠡᠪᠴᠢᠶ᠎ᠡ ᠪᠣᠯ ᠤᠯᠤᠰ ᠠᠷᠠᠳ᠎ᠤᠨ ᠠᠵᠤ ᠠᠬᠤᠢ᠎ᠶᠢᠨ ᠦᠨᠳᠦᠰᠦᠨ ᠨᠢᠭᠡᠴᠢ ᠪᠠᠢᠵᠤ᠂ ᠰᠢᠶᠠᠨ᠎ᠤ ᠬᠡᠪᠴᠢᠶᠡᠨ᠎ᠦ ᠳᠠᠪᠠᠭᠤᠯᠢᠭ᠋ ᠠᠵᠤ ᠠᠬᠤᠢ᠎ᠶᠢᠨ ᠬᠥᠭᠵᠢᠯᠲᠡ᠎ᠶᠢᠨ ᠠᠷᠭ᠎ᠠ ᠵᠠᠮ ᠪᠠ ᠲᠤᠷᠰᠢᠯᠭ᠎ᠠ᠎ᠳᠤ ᠲᠠᠢᠯᠤᠮᠵᠢ ᠬᠢᠬᠦ ᠨᠢ ᠴᠢᠬᠤᠯᠠ ᠰᠡᠩᠬᠡᠷᠡᠭᠦᠯᠬᠦ ᠠᠴᠢ ᠬᠣᠯᠪᠣᠭᠳᠠᠯ᠎ᠲᠠᠢ ᠶᠤᠮ᠃ 2024 ᠣᠨ᠎ᠤ 10 ᠰᠠᠷ᠎ᠠ᠎ᠳᠤ᠂ ᠰᠢᠨᠬᠤᠸᠠ ᠬᠣᠷᠢᠶ᠎ᠠ 《ᠳᠤᠮᠳᠠᠳᠤ ᠤᠯᠤᠰ᠎ᠤᠨ ᠠᠵᠤ ᠠᠬᠤᠢ᠎ᠶᠢᠨ ᠦᠯᠢᠬᠡᠷ ᠬᠡᠪ᠎ᠤᠨ ᠠᠵᠢᠭ᠍ᠯᠠᠯᠲᠠ·ᠰᠢᠶᠠᠨ᠎ᠤ ᠬᠡᠪᠴᠢᠶᠡᠨ᠎ᠦ ᠦᠯᠢᠬᠡᠷ ᠬᠡᠪ》 ᠭᠡᠬᠦ ᠰᠢᠷᠢᠰ ᠮᠡᠳᠡᠭᠡᠯᠡᠯ᠎ᠢ ᠨᠡᠢᠲᠡᠯᠡᠪᠡ᠃ ᠲᠤᠰ ᠨᠣᠮ᠎ᠳᠤ ᠡᠭᠦᠨ᠎ᠦ ᠳᠣᠲᠣᠷ᠎ᠠ᠎ᠡᠴᠡ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ᠎ᠶᠢᠨ ᠭᠦᠨᠵᠡᠭᠡᠢ ᠪᠠᠢᠴᠠᠭᠠᠨ ᠰᠤᠳᠤᠯᠤᠯᠲᠠ᠎ᠶᠢᠨ 40 ᠬᠤᠪᠢ ᠮᠡᠳᠡᠭᠡᠯᠡᠯ᠎ᠢ ᠰᠣᠩᠭᠣᠨ ᠠᠪᠴᠤ᠂ ᠵᠡᠭᠦᠨ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ ᠪᠣᠯᠣᠨ ᠡᠬᠢ ᠪᠠᠶᠠᠯᠢᠭ᠋᠎ᠤᠨ ᠤᠤᠯ ᠲᠠᠪᠠᠭᠤᠯᠢᠭ ᠨᠢ ᠲᠤᠰ ᠲᠤᠰ ᠠᠳᠠᠯᠢ ᠪᠤᠰᠤ᠂ ᠠᠵᠤ ᠦᠢᠯᠡᠰ᠎ᠦᠨ ᠬᠥᠭᠵᠢᠯᠲᠡ ᠨᠢ ᠲᠤᠰ ᠲᠤᠰ᠎ᠤᠨ ᠣᠨᠴᠠᠯᠢᠭ᠋᠎ᠲᠠᠢ ᠰᠢᠶᠠᠨ (ᠲᠣᠭᠣᠷᠢᠭ᠋᠂ ᠬᠣᠲᠠ) ᠳ᠋ᠤ ᠬᠣᠯᠪᠣᠭᠳᠠᠵᠤ᠂ ᠭᠠᠵᠠᠷ ᠣᠷᠣᠨ᠎ᠤ ᠬᠦᠭᠵᠢᠯᠳᠠ ᠵᠢᠨ ᠳᠠᠷᠤᠯᠲᠠ ᠥᠷᠢᠰᠦᠯᠳᠦᠭᠡᠨ᠎ᠦ ᠪᠠᠢᠳᠠᠯ ᠳᠣᠣᠷ᠎ᠠ ᠲᠡᠳᠡᠭᠡᠷ ᠬᠦᠴᠢᠷ᠎ᠢ ᠰᠥᠷᠦᠨ ᠪᠦᠰᠡᠯᠡᠯᠲᠡ᠎ᠶᠢ ᠰᠢᠪᠲᠤᠯᠤᠭᠰᠠᠨ᠂ ᠵᠠᠮ ᠨᠡᠭᠡᠭᠡᠨ ᠰᠢᠨ᠎ᠡ᠎ᠶᠢ ᠡᠭᠦᠳᠦᠭᠰᠡᠨ᠂ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠰᠡᠨ ᠰᠢᠨ᠎ᠡ ᠰᠡᠪᠡᠭᠦᠨ ᠦᠯᠢᠭᠡᠷ᠎ᠢ ᠠᠮᠢᠳᠤᠯᠢᠭ᠋᠎ᠢᠶᠠᠷ ᠶᠠᠷᠢᠵᠤ᠂ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ᠎ᠪᠠᠷ ᠳᠤᠮᠳᠠᠳᠤ ᠤᠯᠤᠰ᠎ᠤᠨ ᠰᠢᠶᠠᠨ᠎ᠤ ᠬᠡᠪᠴᠢᠶᠡᠨ᠎ᠦ ᠠᠵᠤ ᠠᠬᠤᠢ᠎ᠶᠢᠨ ᠵᠢᠷᠤᠭ ᠳᠦᠷᠰᠦ᠎ᠶᠢ ᠵᠢᠷᠤᠭᠯᠠᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠥᠷᠭᠡᠨ ᠠᠭᠤᠳᠠᠮ ᠬᠥᠭᠵᠢᠯᠲᠡ᠎ᠶᠢᠨ ᠣᠷᠣᠨ ᠵᠠᠢ ᠵᠢᠴᠢ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠵᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 28 ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号