ᠬᠠᠤᠯᠢ ᠴᠠᠭᠠᠵᠠ᠎ᠶ᠋ᠢᠨ ᠶᠠᠮᠤᠨ ᠠᠩᠬᠠᠳᠠᠭ᠍ᠴᠢ ᠪᠦᠯᠦᠭ 《ᠪᠥᠬᠥ᠌ ᠤᠯᠤᠰ᠎ᠤᠨ ᠬᠠᠤᠯᠢ᠎ᠶ᠋ᠢ ᠰᠠᠬᠢᠵᠤ ᠬᠠᠤᠯᠢ ᠴᠠᠭᠠᠵᠠ᠎ᠶ᠋ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠬᠣᠲᠠ (ᠱᠢᠶᠠᠨ᠂ ᠲᠣᠭᠣᠷᠢᠭ) 》 ᠵᠢᠨ ᠨᠡᠷᠡᠰ ᠢ᠋ ᠨᠡᠢᠲᠡᠯᠡᠪᠡ
2026-01-30 11:57:37
ᠵᠣᠬᠢᠶᠠᠭ᠍ᠴᠢ᠄
ᠪᠤᠤ ᠰᠤᠷᠤᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 1 ᠰᠠᠷ᠎ᠠ᠎ᠶ᠋ᠢᠨ 26 ᠎ᠤ᠋ ᠡᠳᠦᠷ ᠬᠠᠤᠯᠢ ᠴᠠᠭᠠᠵᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠬᠠᠤᠯᠢ ᠴᠠᠭᠠᠵᠠ᠎ᠶ᠋ᠢᠨ ᠶᠠᠮᠤᠨ ᠣᠢᠷ᠎ᠠ᠎ᠳᠤ ᠪᠡᠭᠡᠵᠢᠩ ᠬᠣᠲᠠ᠎ᠶ᠋ᠢᠨ ᠰᠢ ᠴᠧᠩ ᠲᠣᠭᠣᠷᠢᠭ᠂ ᠲᠢᠶᠠᠨᠵᠢᠨ ᠬᠣᠲᠠ᠎ᠶ᠋ᠢᠨ ᠪᠢᠨ ᠬᠠᠶ ᠱᠢᠨ᠎ᠡ ᠲᠣᠭᠣᠷᠢᠭ ᠵᠡᠷᠭᠡ 50 ᠭᠠᠵᠠᠷ ᠣᠷᠣᠨ᠎ᠢ ᠪᠠᠭ᠍ᠲᠠᠭᠠᠭ᠍ᠰᠠᠨ ᠠᠩᠬᠠᠳᠠᠭ᠍ᠴᠢ ᠪᠦᠯᠦᠭ《ᠪᠥᠬᠥ᠌ ᠤᠯᠤᠰ᠎ᠤᠨ ᠬᠠᠤᠯᠢ᠎ᠶ᠋ᠢ ᠰᠠᠬᠢᠵᠤ ᠬᠠᠤᠯᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠬᠣᠲᠠ (ᠱᠢᠶᠠᠨ᠂ ᠲᠣᠭᠣᠷᠢᠭ)》ᠶ᠋ᠢᠨ ᠨᠡᠷᠡᠰ᠎ᠢ ᠨᠡᠢᠲᠡᠯᠡᠪᠡ᠃

ᠣᠢᠯᠠᠭᠠᠭ᠍ᠰᠠᠨ᠎ᠢᠶᠠᠷ᠂ 2022 ᠣᠨ᠎ᠤ 11 ᠰᠠᠷ᠎ᠠ᠎ᠳᠤ ᠬᠠᠤᠯᠢ ᠴᠠᠭᠠᠵᠠ᠎ᠶ᠋ᠢᠨ ᠶᠠᠮᠤᠨ ᠪᠥᠬᠥ᠌ ᠤᠯᠤᠰ᠎ᠤᠨ ᠬᠠᠤᠯᠢ᠎ᠶ᠋ᠢ ᠰᠠᠬᠢᠵᠤ ᠬᠠᠤᠯᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠬᠣᠲᠠ(ᠱᠢᠶᠠᠨ᠂ ᠲᠣᠭᠣᠷᠢᠭ) ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠪᠡ᠃ ᠬᠣᠯᠪᠣᠭ᠍ᠳᠠᠯ ᠪᠦᠬᠦᠢ ᠲᠥᠰᠦᠯ᠎ᠢ ᠦᠨᠳᠦᠰᠦᠯᠡᠨ᠂ ᠪᠤᠰᠤᠳᠴᠢ ᠪᠥᠭᠡᠳ ᠲᠥᠪ ᠭᠣᠣᠯᠴᠢ᠂ ᠢᠯᠡ ᠲᠣᠳᠣ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠠᠷᠴᠢᠮ᠎ᠤᠨ ᠶᠣᠰᠣᠭᠠᠷ᠂ ᠰᠠᠢᠨ ᠳᠤᠷ᠎ᠠ᠎ᠡᠴᠡ᠎ᠪᠠᠨ ᠮᠡᠳᠡᠭᠦᠯᠬᠦ᠌᠂ ᠮᠤᠵᠢ ᠎ᠶ᠋ᠢᠨ ᠱᠠᠲᠤᠨ ᠎ᠳᠤ ᠠᠩᠬ᠎ᠠ ᠬᠢᠨᠠᠬᠤ᠂ ᠲᠤᠰᠭᠠᠶ ᠮᠡᠷᠭᠡᠵᠢᠯᠲᠡᠨ᠎ᠢᠶᠡᠷ ᠬᠢᠨᠠᠨ ᠲᠣᠭ᠍ᠲᠠᠭᠠᠯᠭᠠᠬᠤ᠂ ᠨᠡᠢᠭᠡᠮ᠎ᠦᠨ ᠪᠠᠢᠴᠠᠭᠠᠯᠲᠠ ᠬᠢᠬᠦ᠌᠂ ᠨᠡᠢᠭᠡᠮ᠎ᠳᠦ ᠢᠯᠡ ᠨᠡᠢᠲᠡᠯᠡᠬᠦ᠌ ᠵᠡᠷᠭᠡ ᠳᠡᠰ ᠳᠠᠷᠠᠭᠠᠯᠠᠯ᠎ᠢᠶᠠᠷ ᠳᠠᠮᠵᠢᠭᠤᠯᠤᠨ᠂ ᠬᠢᠨᠠᠮᠠᠭᠠᠶ ᠰᠤᠳᠤᠯᠬᠤ᠎ᠪᠠᠷ ᠳᠠᠮᠵᠢᠭᠠᠳ᠂ ᠬᠠᠤᠯᠢ ᠴᠠᠭᠠᠵᠠ᠎ᠶ᠋ᠢᠨ ᠶᠠᠮᠤᠨ᠎ᠡᠴᠡ ᠠᠩᠬᠠᠳᠠᠭ᠍ᠴᠢ ᠪᠦᠯᠦᠭ《ᠪᠦᠬᠦ᠌ ᠤᠯᠤᠰ ᠎ᠤᠨ ᠬᠠᠤᠯᠢ᠎ᠶ᠋ᠢ ᠰᠠᠬᠢᠵᠤ ᠬᠠᠤᠯᠢ ᠴᠠᠭᠠᠵᠠ᠎ᠶ᠋ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ᠌ ᠬᠣᠲᠠ》ᠶ᠋ᠢ ᠨᠡᠷᠡᠢᠳᠬᠦ᠌᠎ᠪᠡᠷ ᠲᠣᠭ᠍ᠲᠠᠪᠠ᠃

ᠬᠠᠤᠯᠢ ᠴᠠᠭᠠᠵᠠ᠎ᠶ᠋ᠢᠨ ᠶᠠᠮᠤᠨ ᠪᠥᠬᠥ᠌ ᠤᠯᠤᠰ᠎ᠤᠨ ᠬᠠᠤᠯᠢ᠎ᠶ᠋ᠢ ᠰᠠᠬᠢᠵᠤ ᠬᠠᠤᠯᠢ ᠴᠠᠭᠠᠵᠠ᠎ᠶ᠋ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠬᠣᠲᠠ (ᠱᠢᠶᠠᠨ᠂ ᠲᠣᠭᠣᠷᠢᠭ)ᠶ᠋ᠢ ᠡᠭᠦᠳᠦᠨ ᠪᠠᠢᠭᠤᠯᠬᠤ ᠠᠵᠢᠯᠯᠠᠭ᠎ᠠ ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠦᠯᠦᠭ ᠪᠦᠷᠢ᠎ᠶ᠋ᠢᠨ ᠡᠭᠦᠳᠦᠨ ᠪᠠᠢᠭᠤᠯᠬᠤ ᠦᠶᠡᠯᠡᠯ ᠎ᠦᠨ ᠬᠤᠭᠤᠴᠠᠭ᠎ᠠ ᠨᠢ 3 ᠵᠢᠯ ᠪᠠᠢᠵᠤ᠂ ᠡᠯ᠎ᠡ ᠭᠠᠵᠠᠷ᠎ᠤᠨ ᠬᠢᠨ᠎ᠦ ᠵᠢᠱ᠌ᠢᠶ᠎ᠡ ᠦᠵᠡᠭᠦᠯᠬᠦ᠌᠎ᠪᠡᠷ ᠭᠠᠷᠳᠠᠴᠠ ᠪᠣᠯᠭᠠᠨ᠂ ᠲᠡᠷᠢᠭᠦᠨ ᠎ᠦ ᠨᠡᠢᠲᠡᠯᠢᠭ ᠵᠢᠱ᠌ᠢᠶ᠎ᠡ᠎ᠪᠡᠷ ᠬᠡᠪ ᠳᠠᠭᠤᠷᠢᠶᠠᠯ ᠪᠣᠯᠭᠠᠬᠤ᠎ᠶ᠋ᠢ ᠠᠬᠢᠭᠤᠯᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠬᠠᠤᠯᠢ᠎ᠪᠠᠷ ᠵᠠᠰᠠᠬᠤ ᠦᠶ᠋ᠯᠡᠳᠦᠯᠭᠡ᠂ ᠦᠨᠳᠦᠰᠦᠨ ᠱᠠᠲᠤᠨ᠎ᠤ ᠵᠠᠰᠠᠯᠲᠠ ᠪᠠ ᠡᠳᠦᠷ ᠲᠤᠲᠤᠮ᠎ᠤᠨ ᠠᠮᠢᠳᠤᠷᠠᠯ᠎ᠳᠤ ᠠᠭᠤᠰᠭᠠᠨ ᠣᠷᠣᠭᠤᠯᠵᠤ᠂ ᠨᠡᠢᠭᠡᠮ ᠳᠠᠶᠠᠭᠠᠷ ᠵᠢᠨᠨ  ᠬᠠᠤᠯᠢ᠎ᠪᠠᠷ ᠵᠠᠰᠠᠬᠤ᠎ᠶ᠋ᠢ ᠡᠷᠬᠢᠮᠯᠡᠬᠦ᠌᠂ ᠲᠦᠷᠢᠮ᠎ᠢ ᠬᠢᠴᠢᠶᠡᠩᠭᠦᠢᠯᠡᠨ ᠰᠠᠬᠢᠬᠤ᠂ ᠭᠡᠷ᠎ᠡ᠎ᠶ᠋ᠢ ᠬᠦᠨᠳᠦᠳᠭᠡᠬᠦ᠌᠂ ᠲᠥᠪ ᠭᠤᠤᠯᠴᠢ ᠰᠠᠢᠨ ᠰᠠᠢᠬᠠᠨ ᠣᠷᠴᠢᠨ ᠨᠥᠬᠥᠴᠡᠯ ᠎ᠢ ᠬᠠᠮᠠᠭᠠᠯᠠᠬᠤ᠎ᠪᠠᠷ ᠵᠣᠷᠢᠯᠭ᠎ᠠ ᠪᠣᠯᠭᠠᠪᠠ᠃


     ᠢᠷᠡᠯᠳᠡ᠄ ᠰᠢᠨᠬᠤᠸᠠ ᠬᠤᠷᠢᠶ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号