​ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠴᠠᠯᠢᠩ ᠥᠷᠢᠲᠦᠬᠦ᠎ᠶᠢ ᠵᠠᠰᠠᠭᠰᠠᠨ 6 ᠨᠡᠢᠲᠡᠯᠢᠭ ᠬᠡᠷᠡᠭ᠎ᠤᠨ ᠵᠢᠱ᠌ᠢᠶ᠎ᠡ ᠵᠢ ᠨᠡᠢᠲᠡᠯᠡᠪᠡ
2026-01-30 15:57:37
ᠵᠣᠬᠢᠶᠠᠭ᠍ᠴᠢ᠄
​ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠰᠤᠨᠢᠨ ᠮᠡᠲᠡᠭᠡ ᠨᠡᠢᠲᠡᠯᠡᠬᠦ ᠬᠤᠷᠠᠯ ᠬᠤᠷᠠᠯᠳᠤᠭᠤᠯᠵᠦ᠂ ᠴᠠᠯᠢᠩ ᠥᠷᠢᠲᠦᠬᠦ᠎ᠶᠢ ᠵᠠᠰᠠᠭᠰᠠᠨ 6 ᠨᠡᠢᠲᠡᠯᠢᠭ ᠬᠡᠷᠡᠭ᠎ᠤᠨ ᠵᠢᠱ᠌ᠢᠶ᠎ᠡ ᠵᠢ ᠨᠡᠢᠲᠡᠯᠡᠪᠡ᠃

ᠡᠲᠡᠭᠡᠷ ᠨᠡᠢᠲᠡᠯᠢᠭ ᠬᠡᠷᠡᠭ᠎ᠤᠨ ᠵᠢᠱ᠌ᠢᠶ᠎ᠡ᠎ᠳᠦ᠂ ᠵᠠᠩ ᠤᠪᠤᠬᠲᠦ ᠵᠡᠷᠭᠡ 26 ᠬᠥᠯᠥᠰᠦᠨ ᠲᠠᠷᠢᠶᠠᠴᠢᠨ ᠬᠢᠭᠡᠳ ᠨᠢᠭᠡᠨ ᠢᠨᠵᠸᠨ᠋ᠸᠷᠢᠩ᠎ᠤᠨ ᠺᠣᠮᠫᠠᠨᠢ᠂ ᠨᠢᠭᠡᠨ ᠪᠠᠷᠢᠯᠭ᠎ᠠ᠎ᠶᠢᠨ ᠺᠣᠮᠫᠠᠨᠢ ᠵᠡᠷᠭᠡ᠎ᠶᠢᠨ ᠬᠥᠳᠡᠯᠮᠦᠷᠢ ᠦᠢᠯᠡᠴᠢᠯᠡᠭᠡᠨ᠎ᠦ ᠭᠡᠷ᠎ᠡ᠎ᠶᠢᠨ ᠵᠠᠭᠤᠷᠠᠯᠳᠤᠭᠠᠨ᠎ᠤ ᠬᠡᠷᠡᠭ᠂ ᠨᠢᠭᠡᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠬᠢᠭᠡᠳ ᠨᠢᠭᠡᠨ ᠨᠡᠭᠦᠷᠡᠰᠦᠨ ᠠᠭᠤᠷᠬᠠᠢ᠎ᠶᠢᠨ ᠵᠠᠰᠠᠭ ᠵᠠᠬᠢᠷᠭᠠᠨ᠎ᠤ ᠵᠠᠷᠭᠤ᠎ᠶᠢᠨ ᠪᠤᠰᠤ ᠭᠦᠢᠴᠡᠳᠬᠡᠬᠦ ᠬᠡᠷᠡᠭ᠂ ᠯᠢᠦ ᠣᠪᠣᠭᠲᠤ ᠬᠢᠭᠡᠳ ᠨᠢᠭᠡᠨ ᠵᠢᠭᠤᠯᠴᠢᠯᠠᠯ᠎ᠤᠨ ᠦᠢᠯᠡᠴᠢᠯᠡᠭᠡᠨ᠎ᠦ ᠺᠣᠮᠫᠠᠨᠢ᠎ᠶᠢᠨ ᠬᠥᠳᠡᠯᠮᠦᠷᠢ ᠦᠢᠯᠡᠴᠢᠯᠡᠭᠡᠨ᠎ᠦ ᠭᠡᠷ᠎ᠡ᠎ᠶᠢᠨ ᠵᠠᠭᠤᠷᠠᠯᠳᠤᠭᠠᠨ᠎ᠤ ᠬᠡᠷᠡᠭ᠂ ᠮᠠ ᠣᠪᠣᠭᠲᠤ ᠵᠡᠷᠭᠡ 311 ᠬᠥᠯᠥᠰᠦᠨ ᠲᠠᠷᠢᠶᠠᠴᠢᠨ ᠨᠢᠭᠡᠨ ᠪᠠᠷᠢᠯᠭ᠎ᠠ᠎ᠶᠢᠨ ᠺᠣᠮᠫᠠᠨᠢ᠎ᠶᠢ ᠭᠦᠢᠴᠡᠳᠬᠡᠭᠦᠯᠬᠦ ᠪᠡᠷ ᠭᠤᠶᠤᠴᠢᠯᠠᠭᠰᠠᠨ ᠬᠡᠷᠡᠭ᠂ ᠸᠠᠩ ᠣᠪᠣᠭᠲᠤ ᠬᠢᠭᠡᠳ ᠬᠤᠸᠠᠩ ᠣᠪᠣᠭᠲᠤ᠂ ᠸᠧᠢ ᠣᠪᠣᠭᠲᠤ᠂ ᠯᠦ᠍ ᠣᠪᠣᠭᠲᠤ᠎ᠶᠢᠨ ᠬᠥᠳᠡᠯᠮᠦᠷᠢ ᠦᠢᠯᠡᠴᠢᠯᠡᠭᠡᠨ᠎ᠦ ᠭᠡᠷ᠎ᠡ᠎ᠶᠢᠨ ᠵᠠᠭᠤᠷᠠᠯᠳᠤᠭᠠᠨ᠎ᠤ ᠬᠡᠷᠡᠭ᠂ ᠸᠠᠩ ᠣᠪᠣᠭᠲᠤ᠂ ᠦ᠋ ᠣᠪᠣᠭᠲᠤ ᠵᠡᠷᠭᠡ 10 ᠬᠥᠮᠥᠨ ᠨᠢᠭᠡᠨ ᠢᠨᠵᠸᠨ᠋ᠸᠷᠢᠩ᠎ᠤᠨ ᠺᠣᠮᠫᠠᠨᠢ᠎ᠶᠢ ᠭᠦᠢᠴᠡᠳᠬᠡᠭᠦᠯᠬᠦ᠎ᠪᠡᠷ ᠭᠤᠶᠤᠴᠢᠯᠠᠭᠰᠠᠨ ᠬᠡᠷᠡᠭ ᠵᠡᠷᠭᠡ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号