1 ᠰᠠᠷ᠎ᠠ᠎ᠶ᠋ᠢᠨ 26᠎ᠤ᠋ ᠡᠳᠦᠷ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠬᠠᠢᠯᠠᠷ ᠪᠠᠷᠠᠭᠤᠨ ᠵᠠᠮ᠎ᠳ᠋ᠡᠬᠢ ᠲᠣᠮᠢᠯᠠᠭ᠍ᠰᠠᠨ ᠰᠠᠯᠪᠤᠷᠢ᠎ᠶ᠋ᠢᠨ 《ᠬᠤᠨ ᠭᠠᠯᠠᠭᠤ ᠨᠤᠮ ᠤ᠋ᠨ ᠦᠷᠦᠬᠡ》 ᠠᠩᠬᠠᠳᠤᠭᠠᠷ ᠬᠤᠭᠤᠴᠠᠭᠠᠨ᠎ᠤ ᠴᠠᠭ᠍ᠳᠠᠭᠠᠨ᠎ᠤ ᠬᠤᠸᠠᠷᠠᠨ᠎ᠤ ᠤᠩᠱᠢᠯᠭ᠎ᠠ᠎ᠶ᠋ᠢᠨ ᠱᠠᠯᠦ᠋ᠨ ᠥᠷᠨᠢᠭᠦᠯᠵᠦ᠍᠂ ᠣᠯᠠᠨ᠎ᠢᠶᠠᠷ᠎ᠢᠶᠠᠨ ᠲᠣᠭᠣᠷᠢᠨ ᠰᠠᠭᠤᠵᠤ᠂ ᠨᠣᠮ ᠤᠩᠱᠢᠭ᠍ᠰᠠᠨ ᠲᠦᠷᠦᠭᠳᠡᠯ ᠵᠢᠡᠨ ᠬᠤᠪᠢᠶᠠᠯᠴᠠᠪᠠ᠃ ᠡᠨᠡ᠎ᠨᠢ ᠮᠥᠨ ᠴᠦ᠍ ᠬᠦᠬᠡᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠠᠩᠬᠠᠳᠠᠭ᠍ᠴᠢ 《ᠬᠤᠨ ᠭᠠᠯᠠᠭᠤ ᠨᠤᠮ ᠤ᠋ᠨ ᠦᠷᠦᠬᠡ》 ᠵᠢᠩᠬᠢᠨᠢ᠎ᠪᠡᠷ ᠪᠠᠢᠭᠤᠯᠤᠭ᠍ᠳᠠᠵᠤ ᠠᠱᠢᠭ᠍ᠯᠠᠯᠲᠠ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃
ᠬᠣᠲᠣᠩ ᠠᠷᠠᠳ᠎ᠤᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠤᠪᠴᠢᠶ᠎ᠠ ᠶ᠋ᠢᠨ ᠬᠠᠢᠯᠠᠷ ᠪᠠᠷᠠᠭᠤᠨ ᠵᠠᠮ ᠳ᠋ᠡᠬᠢ ᠲᠣᠮᠢᠯᠠᠭ᠍ᠰᠠᠨ ᠰᠠᠯᠪᠤᠷᠢ ᠬᠢᠬᠡᠳ ᠬᠥᠬᠡᠬᠣᠲᠠ᠎ᠶ᠋ᠢᠨ ᠨᠣᠮ᠎ᠤᠨ ᠰᠠᠩ ᠭᠠᠷ ᠬᠣᠯᠪᠣᠨ ᠬᠠᠮᠲᠤ ᠪᠠᠷ ᠪᠠᠢᠭᠤᠯᠤᠭ᠍ᠰᠠᠨ 《ᠬᠤᠨ ᠭᠠᠯᠠᠭᠤ ᠨᠣᠮ᠎ᠤᠨ ᠦᠷᠦᠭᠡ》 ᠪᠣᠯ ᠲᠤᠰ ᠲᠤᠮᠢᠯᠠᠬᠰᠠᠨ ᠰᠠᠯᠪᠤᠷᠢ ᠵᠢᠨ ᠴᠠᠭ᠍ᠳᠠᠭᠠᠨ᠎ᠤ ᠬᠤᠸᠠᠷᠠᠨ᠎ᠤ ᠰᠣᠶᠣᠯ᠎ᠤᠨ ᠪᠠᠢᠭᠤᠯᠤᠯᠲᠠ ᠵᠢ ᠬᠦᠨᠵᠡᠬᠡᠢᠷᠡᠬᠦᠯᠦᠨ᠂ ᠴᠠᠬᠳᠠᠭ᠎ᠠ ᠵᠢᠨ ᠰᠡᠳᠬᠢᠯ᠎ᠢ ᠲᠤᠯᠠᠭᠠᠴᠠᠭᠤᠯᠵᠤ ᠴᠠᠭ᠍ᠳᠠᠭ᠎ᠠ᠎ᠳᠤ ᠠᠱᠢᠭ ᠬᠦᠷᠲᠡᠭᠡᠵᠦ᠍ ᠴᠠᠭ᠍ᠳᠠᠭ᠎ᠠ᠎ᠶ᠋ᠢ ᠬᠦᠴᠦᠷᠬᠡᠭ᠌ᠵᠢᠭᠦᠯᠬᠦ᠌ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠪᠤᠯᠤᠨ᠎ᠠ᠃
《ᠬᠤᠨ ᠭᠠᠯᠠᠭᠤ ᠨᠤᠮ ᠤ᠋ᠨ ᠦᠷᠦᠬᠡ》 ᠨᠢ ᠲᠤᠮᠢᠯᠠᠬᠰᠠᠨ ᠰᠠᠯᠪᠤᠷᠢ ᠵᠢᠨ ᠠᠯᠪᠠᠯᠠᠬᠤ ᠲᠣᠭᠣᠷᠢᠭ᠎ᠤᠨ ᠳᠣᠲᠣᠷᠠᠬᠢ ᠭᠤᠤᠯ ᠪᠠᠢᠷᠢ ᠳ᠋ᠸ᠋ ᠪᠠᠢᠷᠢᠯᠠᠵᠤ᠂ ᠲᠠᠯᠠᠪᠠᠶ ᠨᠢ ᠪᠠᠷᠤᠭ 30 ᠲᠡᠭ᠌ᠰᠢ ᠳᠥᠷᠪᠡᠯᠵᠢᠨ ᠮᠧᠲ᠋ᠷ᠂ 950 ᠭᠠᠷᠤᠶ ᠳᠡᠪᠲᠡᠷ ᠨᠤᠮ ᠬᠠᠳᠠᠭᠠᠯᠠᠵᠤ᠂ ᠤᠯᠤᠰ ᠲᠥᠷᠥ᠎ᠶ᠋ᠢᠨ ᠣᠨᠣᠯ᠂ ᠬᠠᠤᠯᠢ ᠲᠣᠭ᠍ᠲᠠᠭᠠᠯ᠂ ᠳᠣᠲᠣᠭᠠᠳᠤ᠎ᠶ᠋ᠢ ᠬᠠᠮᠠᠭᠠᠯᠠᠬᠤ ᠲᠤᠬᠠᠢᠯᠠᠭ᠍ᠰᠠᠨ ᠠᠵᠢᠯ᠂ ᠰᠣᠩᠭᠣᠳᠠᠭ ᠵᠣᠬᠢᠶᠠᠯ᠂ ᠰᠡᠳᠭᠢᠴᠡ᠎ᠶ᠋ᠢᠨ ᠡᠷᠡᠭᠦᠯ ᠮᠡᠨᠳᠦ᠂ ᠬᠡᠦᠬᠡᠳ᠎ᠦᠨ ᠤᠩᠱᠢᠬᠤ ᠪᠢᠴᠢᠭ ᠵᠡᠷᠭᠡ ᠵᠢᠷᠭᠤᠭᠠᠨ ᠶᠡᠬᠡ ᠲᠥᠷᠥᠯ᠎ᠦᠨ ᠨᠣᠮ ᠪᠢᠴᠢᠭ᠎ᠢ ᠬᠠᠮᠤᠷᠴᠤ᠌᠂ ᠴᠠᠭ᠍ᠳᠠᠭ᠎ᠠ᠎ᠶ᠋ᠢᠨ ᠵᠢᠵᠢᠭᠦᠷᠯᠡᠨ ᠬᠠᠤᠯᠢ ᠬᠡᠷᠡᠭ᠌ᠵᠢᠭᠦᠯᠬᠦ᠌ ᠪᠠ ᠡᠳᠦᠷ ᠲᠤᠲᠤᠮ᠎ᠤᠨ ᠰᠤᠷᠤᠯᠴᠠᠬᠤ ᠬᠡᠷᠡᠭ᠌ᠴᠡᠭᠡ ᠱᠠᠭᠠᠷᠳᠠᠯᠭ᠎ᠠ᠎ᠳᠤ ᠣᠨᠣᠪᠴᠢᠲᠠᠶ ᠨᠡᠢᠴᠡᠬᠦᠯᠪᠡ᠃ ᠨᠣᠮ᠎ᠤᠨ ᠥᠷᠥᠭᠡ᠎ᠳᠦ ᠨᠣᠮ ᠪᠢᠴᠢᠭ᠎ᠦᠨ ᠤᠩᠱᠢᠯᠭ᠎ᠠ᠎ᠶ᠋ᠢᠨ ᠲᠣᠭᠣᠷᠢᠭ᠂ ᠠᠮᠠᠷᠠᠬᠤ ᠲᠣᠭᠣᠷᠢᠭ ᠵᠢᠴᠢ 3D ᠳᠠᠷᠤᠮᠠᠯᠯᠠᠯᠢ ᠪᠡᠶᠡᠴᠢᠯᠡᠨ ᠣᠢᠯᠠᠭᠠᠬᠤ ᠵᠡᠷᠭᠡ ᠣᠯᠠᠨ ᠴᠢᠳᠠᠮᠵᠢᠲᠤ ᠣᠷᠣᠨ ᠬᠤᠪᠢᠶᠠᠵᠤ᠂ ᠵᠢᠵᠢᠭ ᠬᠡᠯᠪᠡᠷᠢ᠎ᠶ᠋ᠢᠨ ᠲᠤᠬᠠᠢᠯᠠᠭ᠍ᠰᠠᠨ ᠠᠵᠢᠯ᠎ᠤᠨ ᠰᠤᠳᠤᠯᠤᠨ ᠶᠠᠷᠢᠯᠴᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯᠯᠠᠭᠠᠥᠷᠨᠢᠭᠦᠯᠤᠨᠠ᠃