ᠤᠯᠠᠭᠠᠨᠴᠠᠪ ᠬᠣᠲᠠ 《ᠬᠠᠬᠢᠷ ᠡᠪᠦᠯ ᠬᠠᠢᠷ᠎ᠠ ᠬᠠᠯᠠᠮᠵᠢ ᠬᠦᠷᠭᠡᠬᠦ᠌》 ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠬᠣᠯᠪᠣᠭᠠᠯᠠᠨ ᠬᠥᠳᠡᠯᠦᠯᠴᠡᠬᠦ᠌᠂ ᠨᠠᠷᠢᠯᠢᠭ ᠤᠨᠤᠴᠠᠳᠠᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠪᠡᠷ ᠳᠠᠮᠵᠢᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠮᠤᠷ ᠲᠦᠪᠱᠢᠨ᠎ᠦ ᠲᠤᠤᠷ᠎ᠢ ᠨᠢᠭ᠍ᠲᠠ ᠰᠦᠯᠵᠢᠵᠦ᠍᠂ ᠬᠦᠴᠢᠷᠳᠡᠯᠲᠡᠶ ᠣᠯᠠᠨ ᠲᠦᠮᠡᠨ᠎ᠳᠦ ᠠᠪᠤᠷᠠᠨ ᠲᠤᠰᠠᠯᠠᠬᠤ ᠬᠠᠢᠷ᠎ᠠ ᠬᠠᠯᠠᠮᠵᠢ ᠬᠦᠷᠲᠡᠭᠡᠪᠡ᠃ ᠣᠳᠣᠬᠠᠨ ᠪᠣᠯᠲᠠᠯ᠎ᠠ᠂ ᠪᠥᠬᠥ᠌ ᠬᠣᠲᠠ᠎ᠶ᠋ᠢᠨ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠡᠲᠡᠭᠡᠳ 43 ᠲᠦᠮᠡᠨ ᠬᠥᠮᠦᠨ᠂ ᠬᠣᠲᠠ ᠬᠥᠳᠡᠭᠡ᠎ᠶ᠋ᠢᠨ ᠣᠨᠴᠠ ᠬᠦᠴᠢᠷᠳᠡᠯᠲᠡᠶ 2.9 ᠲᠦᠮᠡᠨ ᠬᠥᠮᠦᠨ᠎ᠳᠦ ᠨᠡᠢᠲᠡ 20.9 ᠳ᠋ᠦᠩᠱᠢᠭᠤᠷ ᠲᠥᠭᠥᠷᠢᠭ᠎ᠦᠨ ᠠᠪᠤᠷᠠᠨ ᠲᠤᠰᠠᠯᠠᠬᠤ ᠪᠠᠯᠠ ᠮᠥᠩᠭᠥ᠌ ᠵᠠᠷᠤᠴᠠᠭᠤᠯᠪᠠ︔1.9 ᠲᠦᠮᠡᠨ ᠬᠥᠮᠦᠨ ᠤᠳᠠᠭ᠎ᠠ᠎ᠶ᠋ᠢ ᠲᠦᠷ ᠴᠠᠭ ᠠᠪᠤᠷᠠᠨ ᠲᠤᠰᠠᠯᠠᠵᠤ᠂ 2010 ᠲᠦᠮᠡᠨ ᠲᠥᠭᠥᠷᠢᠭ ᠵᠠᠷᠤᠴᠠᠭᠤᠯᠪᠠ᠃
ᠱᠢᠩ ᠾᠧ ᠱᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ 1050 ᠬᠦᠴᠢᠷᠳᠡᠯᠲᠡᠶ ᠣᠯᠠᠨ ᠲᠦᠮᠡᠨ (665 ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ 385 ᠣᠨᠴᠠ ᠬᠦᠴᠢᠷᠳᠡᠯᠲᠡᠶ ᠬᠥᠮᠦᠰ ᠪᠠᠭ᠍ᠲᠠᠨ᠎ᠠ) ᠳ᠋ᠤ ᠳᠤᠯᠠᠭᠠᠯᠠᠭ᠎ᠠ᠎ᠶ᠋ᠢᠨ ᠨᠥᠬᠥᠪᠥᠷᠢ ᠣᠯᠭᠣᠵᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳᠢ ᠬᠥᠮᠦᠨ ᠳᠤᠮᠳᠠᠴᠢ᠎ᠪᠠᠷ 200 ᠲᠥᠭᠥᠷᠢᠭ ᠠᠪᠤᠷᠠᠨ ᠲᠤᠰᠠᠯᠠᠵᠤ᠂ ᠣᠨᠴᠠ ᠬᠦᠴᠢᠷᠳᠡᠯᠲᠡᠶ ᠬᠥᠮᠦᠰ᠎ᠢ ᠬᠥᠮᠦᠨ ᠳᠤᠮᠳᠠᠴᠢ᠎ᠪᠠᠷ 446.9 ᠲᠥᠭᠥᠷᠢᠭ ᠠᠪᠤᠷᠠᠨ ᠲᠤᠰᠠᠯᠠᠵᠤ᠂ ᠨᠡᠢᠲᠡ 25.94 ᠲᠦᠮᠡᠨ ᠲᠥᠭᠥᠷᠢᠭ ᠵᠠᠷᠤᠴᠠᠭᠤᠯᠵᠤ᠂ ᠡᠪᠦᠯ᠎ᠦᠨ ᠳᠤᠯᠠᠭᠠᠯᠠᠭ᠎ᠠ᠎ᠶ᠋ᠢᠨ ᠬᠦᠴᠢᠷ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠪᠡ᠃
ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠣᠶᠤᠨ ᠮᠡᠳᠡᠷᠡᠯ᠎ᠦᠨ ᠰᠠᠭᠠᠳ᠎ᠲᠠᠶ ᠡᠷᠡᠭᠦᠯᠵᠢᠭᠦᠯᠦᠭ᠌ᠴᠢᠳᠲᠦ ᠠᠩᠬᠠᠷᠤᠯ᠎ᠢᠶᠠᠨ ᠲᠥᠪᠯᠡᠷᠡᠭᠦᠯᠵᠦ᠂ ᠢ ᠶᠤᠸᠠᠨ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠢ ᠵᠢᠯᠣᠭᠣᠳᠤᠨ ᠡᠷᠦᠬᠡ᠎ᠳᠦ ᠬᠦᠨᠵᠡᠭᠡᠢᠷᠡᠵᠤ᠂ ᠡᠪᠤᠯ᠎ᠦᠨ ᠤᠯᠠᠷᠢᠯ᠎ᠦᠨ ᠬᠤᠪᠴᠠᠰᠤ ᠬᠤᠨᠠᠷ ᠬᠠᠨᠳᠢᠪᠯᠠᠬᠤ ᠠᠵᠢᠯᠯᠠᠭ᠎ᠠ ᠥᠷᠨᠢᠭᠦᠯᠵᠦ᠍᠂ ᠡᠷᠦᠬᠡ᠎ᠳᠦ ᠬᠦᠨᠵᠡᠭᠡᠢᠷᠡᠵᠤ ᠡᠷᠡᠭᠦᠯᠵᠢᠭᠦᠯᠦᠭ᠌ᠴᠢᠳᠦᠨ ᠪᠡᠶ᠎ᠠ ᠰᠡᠳᠬᠢᠴᠡ ᠵᠢᠨ ᠪᠠᠢᠳᠠᠯ ᠵᠢᠴᠢ ᠬᠡᠷ ᠪᠦᠯᠢ᠎ᠶ᠋ᠢᠨ ᠬᠦᠴᠢᠷᠳᠡᠯ᠎ᠢ᠎ᠨᠢ ᠨᠠᠷᠢᠯᠢᠭ ᠣᠢᠯᠠᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ᠍᠂ ᠡᠳ᠋ ᠪᠣᠳᠠᠰ᠎ᠤᠨ ᠳᠡᠮᠵᠢᠯᠭᠡ ᠬᠠᠩᠭᠠᠵᠦ᠂ ᠰᠡᠳᠬᠢᠴᠡ ᠵᠢᠨ ᠬᠠᠢᠷ᠎ᠠ ᠬᠠᠯᠠᠮᠵᠢᠯᠠᠯ᠎ᠢᠶᠠᠷ ᠠᠮᠢᠳᠤᠷᠠᠯ᠎ᠤᠨ ᠢᠳᠡᠭᠡᠯ᠎ᠢ ᠨᠢ ᠬᠦᠪᠴᠢᠯᠡᠨ᠎ᠠ᠃