ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ ᠬᠦᠴᠢᠷᠳᠡᠯᠲᠡᠶ ᠣᠯᠠᠨ ᠲᠦᠮᠡᠨ᠎ᠳᠦ 250 ᠭᠠᠷᠤᠶ ᠲᠦᠮᠡᠨ ᠲᠥᠭᠥᠷᠢᠭ᠎ᠦᠨ ᠠᠪᠤᠷᠠᠨ ᠲᠤᠰᠠᠯᠠᠬᠤ ᠮᠥᠩᠭᠥ᠎ᠶ᠋ᠢ ᠤᠷᠢᠳᠴᠢᠯᠠᠨ ᠲᠠᠷᠬᠠᠭᠠᠪᠠ
2026-01-30 16:14:57
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠬᠦᠴᠢᠷᠳᠡᠯᠲᠡᠶ ᠣᠯᠠᠨ ᠲᠦᠮᠡᠨ᠎ᠦ ᠴᠠᠭᠠᠨ ᠰᠠᠷ᠎ᠠ ᠵᠢᠨ ᠬᠤᠭᠤᠴᠠᠭᠠᠨ ᠳ᠋ᠤ ᠬᠠᠯᠠᠭᠤᠨ ᠳᠤᠯᠠᠭᠠᠨ ᠥᠩᠭᠡᠷᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ᠂ 1 ᠰᠠᠷ᠎ᠠ᠎ᠶ᠋ᠢᠨ ᠲᠤᠮᠳᠠᠴᠢ ᠪᠡᠷ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠᠶᠠᠷ᠎ᠤᠨ ᠡᠳᠦᠷ᠎ᠡᠴᠡ ᠡᠮᠦᠨᠡᠬᠢ ᠬᠦᠴᠢᠷᠳᠡᠯᠲᠡᠶ ᠣᠯᠠᠨ ᠲᠦᠮᠡᠨ᠎ᠳᠦ ᠠᠪᠤᠷᠠᠨ ᠲᠤᠰᠠᠯᠠᠬᠤ ᠮᠥᠩᠭᠥ᠌ ᠣᠯᠭᠣᠬᠤ ᠠᠵᠢᠯ᠎ᠢ ᠥᠷᠨᠢᠭᠦᠯᠵᠦ᠍᠂ ᠬᠦᠴᠢᠷᠳᠡᠯᠲᠡᠶ ᠣᠯᠠᠨ ᠲᠦᠮᠡᠨ᠎ᠳᠦ ᠤᠷᠢᠳ ᠬᠣᠵᠢᠳ 1 — 2 ᠰᠠᠷ᠎ᠠ᠎ᠶ᠋ᠢᠨ ᠡᠯ᠎ᠡ ᠲᠥᠷᠥᠯ᠎ᠦᠨ ᠠᠪᠤᠷᠠᠨ ᠲᠤᠰᠠᠯᠠᠬᠤ ᠮᠥᠩᠭᠥ᠌ ᠨᠡᠢᠲᠡ 256. 54 ᠲᠦᠮᠡᠨ ᠲᠥᠭᠥᠷᠢᠭ ᠲᠠᠷᠬᠠᠭᠠᠪᠠ᠃

ᠲᠣᠰ ᠤᠳᠠᠭᠠᠨ᠎ᠤ ᠪᠠᠶᠠᠷ᠎ᠠᠴᠠ ᠡᠮᠦᠨᠡᠬᠢ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠮᠥᠩᠭᠥ᠌ ᠣᠯᠭᠣᠬᠤ ᠬᠡᠪᠴᠢᠶ᠎ᠡ᠎ᠳᠦ ᠬᠠᠢᠯᠠᠷ ᠲᠣᠭᠣᠷᠢᠭ᠎ᠤᠨ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ ᠬᠣᠲᠠ ᠬᠥᠳᠡᠭᠡ᠎ᠶ᠋ᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ᠍ ᠪᠠᠢᠭ᠎ᠠ ᠬᠥᠮᠦᠰ ᠪᠠᠭ᠍ᠲᠠᠨ᠎ᠠ᠃ ᠡᠭᠦᠨ᠎ᠳᠦ᠂ 2026 ᠣᠨ᠎ᠤ 1 — 2 ᠰᠠᠷ᠎ᠠ᠎ᠳᠤ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠎ᠶ᠋ᠢ ᠨᠡᠢᠲᠡ 189.65 ᠲᠦᠮᠡᠨ ᠲᠥᠭᠥᠷᠢᠭ ᠲᠠᠷᠬᠠᠭᠠᠪᠠ︔ 1— 2 ᠰᠠᠷ᠎ᠠ᠎ᠳᠤ ᠣᠨᠴᠠ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠌ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠌ ᠵᠢ ᠨᠡᠢᠲᠡ 43.72 ᠲᠦᠮᠡᠨ ᠲᠥᠭᠥᠷᠢᠭ ᠲᠠᠷᠬᠠᠭᠠᠪᠠ︔ ᠣᠨᠴᠠ ᠬᠦᠴᠢᠷᠳᠡᠯᠲᠡᠶ ᠬᠥᠮᠦᠰ᠎ᠢ ᠬᠠᠷᠠᠭᠠᠯᠵᠠᠵᠤ ᠠᠰᠠᠷᠠᠨ ᠰᠤᠪᠢᠯᠠᠬᠤ ᠨᠥᠬᠥᠪᠥᠷᠢ ᠮᠦᠨᠭᠬᠦ ᠵᠢ ᠨᠡᠢᠲᠡ 23.17 ᠲᠦᠮᠡᠨ ᠲᠥᠭᠥᠷᠢᠭ ᠲᠠᠷᠬᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号