《1571》 ᠠᠵᠢᠯ᠎ᠤᠨ ᠪᠠᠢᠷᠢᠯᠠᠭᠤᠯᠣᠯᠳᠠ᠎ᠵᠢ ᠭᠦᠨᠵᠡᠭᠡᠢ ᠨᠠᠢᠳᠠᠪᠦᠷᠢᠵᠢᠭᠤᠯᠵᠤ ᠰᠤᠶᠤᠯ᠎ᠤᠨ ᠬᠦᠴᠦᠷᠭᠡᠭ ᠤᠷᠤᠨ᠎ᠤ ᠪᠠᠢᠭᠤᠯᠤᠯᠲᠠ᠎ᠶ᠋ᠢ ᠠᠬᠢᠭᠤᠯᠤᠶ᠎ᠠ
2026-01-30 17:30:56
ᠵᠣᠬᠢᠶᠠᠭ᠍ᠴᠢ᠄
ᠸᠠᠩ ᠬᠠᠢ ᠷᠦᠩ
ᠣᠩᠱᠢᠭ᠍ᠰᠠᠨ ᠣᠳᠠᠭ᠎ᠠ᠄
★★★☆☆

2025 ᠤᠨ᠎ᠤ 12 ᠰᠠᠷ᠎ᠠ᠎ᠶ᠋ᠢᠨ 29 ᠎ᠤ ᠡᠳᠦᠷ ᠬᠤᠷᠠᠯᠳᠤᠭ᠍ᠰᠠᠨ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶ᠋ᠢᠨ ᠠᠷᠪᠠᠨ ᠨᠢᠭᠡᠳᠦᠭᠡᠷ ᠤᠳᠠᠭ᠎ᠠ᠎ᠶ᠋ᠢᠨ ᠪᠦᠭᠦᠳᠠ ᠬᠤᠷᠠᠯ ᠵᠢᠴᠢ ᠪᠦᠬᠦ᠌ ᠤᠷᠤᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ ᠡᠴᠡ ᠳᠣᠷᠠᠳᠣᠭᠰᠠᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠣᠯᠲᠠ᠎ᠳ᠋ᠡᠬᠢ ᠰᠠᠢᠲᠤᠷ ᠠᠳᠭᠤᠬᠣ ᠳᠣᠯᠣᠭᠠᠨ ᠵᠦᠢᠯ᠎ᠤᠨ ᠭᠤᠣᠯᠳᠠᠯᠭ᠎ᠠ᠎ᠲᠠᠢ ᠠᠵᠢᠯ᠎ᠤᠨ ᠳᠣᠲᠣᠷᠠᠬᠢ ᠨᠢᠭᠡ ᠵᠦᠢᠯ ᠤ᠋ᠨ ᠠᠵᠢᠯ ᠨᠢ 《ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠬᠤ》 ᠶᠠᠪᠤᠳᠠᠯ ᠪᠣᠯᠣᠨ᠎ᠠ᠂ ᠲᠤᠬᠠᠢᠯᠠᠪᠠᠯ 《ᠨᠡᠢᠭᠡᠮ ᠵᠢᠷᠦᠮ᠎ᠤᠨ ᠰᠤᠶᠤᠯ᠎ᠢ ᠴᠡᠴᠡᠭ᠌ᠯᠡᠭᠦᠯᠦᠨ ᠬᠦᠭ᠌ᠵᠢᠭᠦᠯᠵᠤ᠂ ᠰᠢ᠎ᠶ᠋ᠢᠨ ᠫᠢᠩ᠎ᠤᠨ ᠱᠢᠨ᠎ᠠ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠨᠢᠭᠡᠳᠦᠨ ᠰᠦᠭ ᠰᠦᠨᠡᠰᠦ᠎ᠶ᠋ᠢ ᠱᠤᠭᠤᠬᠤ᠎ᠶ᠋ᠢ ᠴᠦᠬᠦᠷᠡᠰᠢ ᠦᠭᠡᠢ ᠪᠠᠷᠢᠮᠲᠠᠯᠠᠵᠤ᠂ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ ᠳᠦᠷᠰᠦ ᠪᠠᠢᠳᠠᠯ᠎ᠢ ᠢᠳᠡᠪᠬᠢᠲᠡᠢ ᠪᠤᠢᠵᠢᠭᠤᠯᠵᠤ᠂ ᠱᠢᠯᠢᠳᠡᠭ ᠰᠤᠶᠤᠯ᠎ᠤᠨ ᠪᠦᠲᠦᠭᠡᠭ᠌ᠳᠡᠭᠦᠨ᠎ᠤ ᠬᠠᠩᠭᠠᠯᠭ᠎ᠠ᠎ᠶ᠋ᠢ ᠦᠷᠭᠡᠳᠭᠡᠵᠤ᠂ ᠰᠤᠶᠤᠯ᠎ᠤᠨ ᠤᠯᠠᠨ ᠤᠯᠤᠰ᠎ᠲᠠᠬᠢ ᠲᠡᠮᠵᠢᠭᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠰᠤᠶᠤᠯ᠎ᠤᠨ ᠬᠦᠴᠦᠷᠭᠡᠭ ᠤᠷᠤᠨ᠎ᠢ ᠪᠠᠢᠭᠤᠯᠣᠨ᠎ᠠ》᠃

《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠨᠠᠢᠳᠠᠪᠣᠷᠢᠵᠢᠭᠣᠯᠵᠣ᠂ 《ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠬᠤ》 ᠎ᠳᠤ᠂ ᠵᠠᠪᠠᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ  ᠨᠢᠭᠡᠳᠦᠨ ᠰᠦᠭ ᠰᠦᠨᠡᠰᠦ᠎ᠪᠠᠨ ᠱᠤᠭᠤᠵᠤ᠂ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠦᠭ᠌ᠵᠢᠭᠡᠵᠤ᠂ ᠥᠪᠥᠷ ᠮᠣᠩᠭᠤᠯ ᠤᠷᠤᠨ᠎ᠤ ᠭᠦᠨ ᠵᠤᠵᠠᠭᠠᠨ ᠲᠡᠦᠬᠡ ᠰᠣᠶᠣᠯ᠎ᠳᠤ ᠰᠠᠭᠤᠷᠢᠯᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠤᠱᠢᠶᠠᠭ᠍ᠰᠠᠨ ᠲᠠᠪᠤᠨ ᠶᠡᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢᠨ ᠪᠣᠳᠠᠲᠤ ᠬᠡᠷᠡᠭ᠌ᠴᠡᠭᠡ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠦᠪᠯᠡᠷᠡᠭᠦᠯᠬᠦ᠌ ᠬᠡᠷᠡᠭ᠌ᠲᠡᠢ᠃ ᠣᠷᠣᠨ ᠪᠦᠰᠡ᠎ᠶ᠋ᠢᠨ ᠪᠣᠳᠠᠲᠤ ᠪᠠᠢᠳᠠᠯ᠎ᠠᠴᠠ ᠡᠭᠦᠰᠴᠦ᠍᠂ ᠭᠠᠵᠠᠷ ᠣᠷᠣᠨ᠎ᠤ ᠪᠤᠲᠠᠲᠤ ᠪᠠᠢᠳᠠᠯ᠎ᠳᠠᠭᠠᠨ ᠲᠣᠬᠢᠷᠠᠭᠤᠯᠤᠨ᠂ ᠦᠪᠡᠷᠮᠢᠴᠡ ᠣᠨᠴᠠᠯᠢᠭ ᠪᠦᠬᠦᠢ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ ᠪᠠ ᠣᠷᠣᠨ ᠪᠦᠰᠡ᠎ᠶ᠋ᠢᠨ ᠰᠣᠶᠣᠯ᠎ᠲᠠᠢ ᠤᠶᠠᠯᠳᠤᠭᠤᠯᠤᠨ᠂ ᠣᠷᠣᠨ ᠨᠤᠲᠤᠭ᠎ᠤᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠨᠡᠨ ᠬᠦ᠌ ᠠᠬᠢᠭᠤᠯᠵᠤ ᠴᠢᠳᠠᠬᠤ ᠰᠣᠶᠣᠯ᠎ᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃

ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠦᠭ᠌ᠵᠢᠭᠦᠯᠬᠦ᠌ ᠬᠡᠷᠡᠭ᠌ᠲᠡᠢ

ᠱᠢᠨ᠎ᠠ ᠴᠠᠭ ᠦᠶ᠎ᠡ᠎ᠳᠤ ᠦᠪᠦᠷ ᠮᠤᠩᠭᠤᠯ ᠤ᠋ᠨ ᠰᠤᠶᠤᠯ᠎ᠤᠨ ᠠᠵᠢᠯ᠎ᠤᠨ ᠭᠤᠤᠯᠳᠠᠯᠭ᠎ᠠ᠎ᠨᠢ ᠰᠣᠶᠣᠯ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠵᠦ᠂ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠥᠷᠭᠡᠳᠭᠡᠵᠦ᠍᠂ ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠦᠨᠡᠨ ᠬᠦ᠌ ᠬᠥᠭ᠌ᠵᠢᠭᠡᠵᠦ᠍᠂ ᠰᠣᠶᠣᠯ᠎ᠤᠨ ᠦᠢᠯᠡᠰ᠂ ᠰᠣᠶᠣᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠤᠨ ᠱᠢᠨ᠎ᠡ ᠲᠡᠦᠬᠡᠨ ᠨᠥᠬᠦᠴᠡᠯ ᠳᠣᠣᠷᠠᠬᠢ ᠱᠢᠨ᠎ᠡ ᠶᠡᠭᠡ ᠴᠡᠴᠡᠭ᠌ᠯᠡᠯ ᠶᠡᠭᠡ ᠬᠥᠭ᠌ᠵᠢᠯᠲᠡ᠎ᠶ᠋ᠢ ᠪᠡᠶᠡᠯᠡᠭᠦᠯᠬᠦ᠌᠎ᠪᠠᠷ ᠴᠢᠷᠮᠠᠢᠬᠤ ᠬᠡᠷᠡᠭ᠌ᠲᠡᠢ᠃ ᠨᠡᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠶ᠋ᠢ ᠪᠠᠳᠠᠷᠠᠭᠤᠯᠵᠤ᠂ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ ᠱᠢᠨ᠎ᠡ ᠳᠦᠷᠰᠦ ᠪᠠᠢᠳᠠᠯ᠎ᠢ ᠢᠳᠡᠪᠬᠢᠲᠡᠶ ᠪᠤᠢᠵᠢᠭᠤᠯᠵᠤ᠂ ᠰᠣᠶᠣᠯ᠎ᠢᠶᠠᠷ ᠨᠡᠢᠭᠡᠮ᠎ᠤᠨ ᠬᠡᠪ ᠰᠤᠷᠲᠠᠯ᠎ᠢ ᠬᠥᠲᠥᠯᠥᠨ ᠳᠠᠭᠠᠭᠤᠯᠬᠤ ᠬᠡᠷᠡᠭ᠌ᠲᠡᠢ᠃ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠥᠷᠭᠡᠳᠭᠡᠵᠦ᠍᠂ ᠰᠣᠶᠣᠯ᠎ᠤᠨ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠠᠨ ᠡᠱᠢᠴᠢᠯᠡᠭ᠌ᠰᠡᠨ ᠬᠡᠷᠡᠭ᠌ᠴᠡᠭᠡ᠎ᠶ᠋ᠢ ᠬᠠᠡᠭᠭᠠᠬᠤ ᠬᠡᠷᠡᠭ᠌ᠲᠡᠢ᠃ ᠤᠯᠠᠨ ᠡᠱᠢᠲᠦ ᠳᠠᠮᠵᠢᠭᠤᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠰᠣᠶᠣᠯ᠎ᠤᠨ ᠤᠯᠠᠨ ᠤᠯᠤᠰ᠎ᠲᠠᠬᠢ ᠳᠠᠮᠵᠢᠭᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ 《ᠳᠤᠮᠳᠠᠳᠤ ᠤᠯᠤᠰ᠎ᠤᠨ ᠦᠯᠢᠭᠡᠷ》 ᠎ᠢ ᠰᠠᠢᠲᠤᠷ ᠶᠠᠷᠢᠵᠤ᠂ 《ᠥᠪᠥᠷ ᠮᠣᠩᠭᠤᠯ᠎ᠤᠨ ᠦᠯᠢᠭᠡᠷ》 ᠎ᠢ ᠰᠠᠢᠲᠤᠷ ᠶᠠᠷᠢᠵᠤ᠂ ᠡᠴᠦᠰ᠎ᠲᠡᠭᠡᠨ ᠰᠣᠶᠣᠯ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠭᠤᠯᠤᠯᠲᠠ ᠪᠣᠯᠤᠨ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌ ᠬᠤᠣᠰ ᠬᠠᠷᠠᠯᠲᠠ᠎ᠶ᠋ᠢ ᠪᠡᠶᠡᠯᠡᠬᠦᠯᠬᠦ᠌᠎ᠪᠠᠷ ᠴᠢᠷᠮᠠᠢᠬᠣ ᠬᠡᠷᠡᠭᠳᠡᠢ᠃

ᠮᠠᠷᠺᠰ᠎ᠤᠨ ᠦᠵᠡᠯ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠵᠢᠯᠣᠭᠤᠳᠭᠤ ᠪᠠᠢᠷᠢ ᠰᠠᠭᠤᠷᠢ᠎ᠶ᠋ᠢ ᠪᠠᠷᠢᠮᠲᠠᠯᠠᠬᠤ ᠬᠡᠷᠡᠭ᠌ᠲᠡᠢ

ᠥᠪᠥᠷ ᠮᠣᠩᠭᠤᠯ᠎ᠤᠨ ᠣᠷᠣᠨ᠎ᠨᠣᠳᠣᠭ ᠤ᠋ᠨ ᠰᠣᠶᠣᠯ᠎ᠤᠨ ᠭᠦᠨ ᠠᠭᠤᠯᠤᠭᠳᠠᠬᠤᠨ᠎ᠢ ᠱᠢᠰᠲ᠋ᠧᠮ᠎ᠲᠠᠢ ᠡᠮᠬᠢᠯᠡᠨ ᠭᠦᠨᠵᠡᠭᠡᠶ ᠲᠠᠢᠯᠪᠤᠷᠢᠯᠠᠵᠤ᠂ ᠥᠪᠥᠷ ᠮᠣᠩᠭᠤᠯ ᠣᠷᠣᠨ᠎ᠤ ᠬᠥᠭ᠌ᠵᠢᠯᠲᠡ᠎ᠶ᠋ᠢᠨ ᠦᠢᠯᠡᠳᠦᠯᠭᠡ᠎ᠪᠠᠷ ᠮᠠᠷᠺᠰ᠎ᠤᠨ ᠦᠵᠡᠯ᠎ᠤᠨ ᠵᠣᠭ᠍ᠰᠣᠯᠲᠠ᠂ ᠦᠵᠡᠯᠲᠡ᠂ ᠠᠷᠭ᠎ᠠ᠎ᠶ᠋ᠢ ᠠᠮᠢᠳᠤᠯᠢᠭ ᠲᠠᠢᠯᠪᠤᠷᠢᠯᠠᠵᠤ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠢᠯᠡᠷᠡᠭᠦᠯᠵᠦ᠍᠂ ᠤᠨᠤᠯ᠎ᠤᠨ ᠦᠭᠡ ᠶᠠᠷᠢᠶ᠎ᠠ᠎ᠶ᠋ᠢ ᠤᠯᠠᠨ ᠲᠦᠮᠡᠨ᠎ᠤ ᠦᠭᠡ ᠶᠠᠷᠢᠶ᠎ᠠ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠮᠠᠷᠺᠰ᠎ᠤᠨ ᠦᠵᠡᠯ᠎ᠤᠨ ᠤᠬᠠᠭᠤᠯᠭ᠎ᠠ ᠬᠥᠮᠦᠵᠢᠯ᠎ᠤᠨ ᠠᠭᠤᠯᠭ᠎ᠠ ᠠᠮᠢᠳᠤᠯᠢᠭ ᠪᠤᠰᠤ᠂ ᠬᠦᠯᠢᠶᠡᠨ ᠠᠪᠬᠤ ᠪᠣᠱᠤᠭ᠎ᠠ ᠥᠨᠳᠥᠷ ᠵᠡᠷᠭᠡ ᠬᠠᠷᠰᠢ ᠰᠠᠭᠠᠳ᠎ᠢ ᠠᠷᠢᠯᠭᠠᠵᠤ᠂ ᠮᠠᠷᠺᠰ᠎ᠤᠨ ᠦᠵᠡᠯ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ 《ᠲᠦᠷᠪᠡᠨ ᠢᠲᠡᠭᠡᠯ》᠂ 《ᠲᠠᠪᠤᠨ ᠬᠠᠮᠳᠦ ᠵᠢᠨ ᠲᠠᠨᠢᠯᠲᠠ》 ᠎ᠶ᠋ᠢ ᠴᠢᠨᠠᠭ᠍ᠰᠢᠳᠠ ᠴᠢᠩᠭᠠᠳᠭᠠᠵᠤ᠂ ᠮᠠᠷᠺᠰ᠎ᠤᠨ ᠦᠵᠡᠯ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠢ ᠦᠨᠡᠨ ᠬᠦ᠌ ᠪᠠᠬᠢᠵᠢᠭᠦᠯᠬᠦ᠌ ᠬᠡᠷᠡᠭ᠌ᠲᠡᠢ᠃ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠤᠨ ᠪᠠᠢᠭᠤᠯᠤᠯᠲᠠ᠎ᠶ᠋ᠢ ᠱᠢᠰᠲ᠋ᠧᠮ᠎ᠲᠠᠢ ᠪᠠᠢᠷᠢᠯᠠᠭᠤᠯᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠶᠠᠪᠤᠴᠠ᠎ᠳᠤ᠂ ᠳᠡᠭᠡᠳᠦ ᠳᠠᠪᠬᠤᠷᠭ᠎ᠠ᠎ᠶ᠋ᠢᠨ ᠵᠢᠷᠤᠭ ᠲᠥᠯᠥᠪᠯᠡᠭᠡ᠎ᠶ᠋ᠢ ᠴᠢᠩᠭᠠᠳᠭᠠᠵᠤ᠂ ᠰᠣᠶᠣᠯ᠎ᠤᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠤᠯᠠᠮ  ᠭᠦᠨᠵᠡᠭᠡᠢᠷᠡᠭᠦᠯᠬᠦ᠌ ᠬᠡᠷᠡᠭ᠌ᠲᠡᠢ᠃ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠤᠨ ᠵᠣᠷᠢᠭ ᠰᠠᠨᠠᠭᠠᠨ᠎ᠤ ᠴᠥᠮ᠎ᠡ᠎ᠶ᠋ᠢ ᠤᠯᠠᠮᠵᠢᠯᠠᠨ ᠪᠠᠳᠠᠷᠠᠭᠤᠯᠬᠤ ᠶᠠᠪᠤᠳᠠᠯ᠎ᠨᠢ ᠲᠡᠭᠦᠨ᠎ᠢ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠠᠵᠢᠯ ᠬᠢᠵᠦ᠍ ᠦᠢᠯᠡᠰ ᠪᠤᠰᠭᠠᠬᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠥᠪᠥᠷ ᠮᠣᠩᠭᠤᠯ᠎ᠤᠨ ᠰᠠᠢᠨ ᠰᠠᠢᠬᠠᠨ ᠲᠦᠷᠢ ᠲᠥᠷᠬᠦ᠌᠎ᠶ᠋ᠢ ᠪᠤᠢ ᠪᠣᠯᠭᠠᠵᠤ᠂ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌᠎ᠳᠤ ᠦᠢᠯᠡᠴᠢᠯᠡᠵᠤ ᠴᠢᠳᠠᠨ᠎ᠠ᠃

ᠳᠤᠮᠳᠠᠳᠤ᠎ᠶ᠋ᠢᠨ ᠪᠣᠯᠪᠠᠰᠤᠨ᠎ᠳᠤ ᠭᠦᠨ ᠦᠨᠳᠦᠰᠦᠯᠡᠵᠦ᠍᠂ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠯᠠᠪᠳᠠᠭᠤᠨ ᠠᠬᠢᠭᠤᠯᠬᠤ ᠬᠡᠷᠡᠭ᠌ᠲᠡᠢ

ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠤᠭ᠎ᠤᠨ ᠲᠣᠭ᠍ᠲᠠᠭᠤᠨ ᠤᠶᠤᠨ ᠰᠠᠨᠠᠭᠠᠨ᠎ᠤ ᠭᠧᠨ ᠮᠥᠨ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠠᠭᠤᠯᠤᠭ᠍ᠳᠠᠵᠤ ᠪᠠᠢᠭ᠎ᠠ ᠦᠵᠡᠯ ᠰᠠᠨᠠᠭ᠎ᠠ᠂ ᠣᠢᠯᠠᠭᠠᠭ᠍ᠳᠠᠬᠤᠨ᠂  ᠰᠣᠶᠣᠯ᠎ᠢᠷᠭᠡᠨᠰᠢᠯ  ᠵᠣᠷᠢᠭ ᠰᠠᠨᠠᠭ᠎ᠠ᠂ ᠶᠣᠰᠣ ᠮᠣᠷᠠᠯ᠎ᠤᠨ ᠵᠢᠷᠤᠮᠵᠢᠯ ᠵᠡᠷᠭᠡ ᠪᠣᠯ ᠳᠤᠮᠳᠠᠳᠤ᠎ᠶ᠋ᠢᠨ ᠦᠨᠳᠦᠰᠦᠲᠡᠨ᠎ᠤ ᠦᠵᠡᠯ ᠰᠠᠨᠠᠭ᠎ᠠ ᠪᠠ ᠤᠶᠤᠨ ᠰᠠᠨᠠᠭᠠᠨ᠎ᠤ ᠴᠥᠮ᠎ᠡ ᠪᠠᠢᠵᠤ᠂ ᠲᠡᠷᠡ᠎ᠨᠢ ᠤᠳᠤ ᠦᠶ᠎ᠡ᠎ᠶ᠋ᠢᠨ ᠬᠥᠮᠦᠨ ᠲᠥᠷᠥᠯᠬᠢᠲᠡᠨ᠎ᠳᠤ ᠲᠤᠯᠭᠠᠷᠠᠵᠤ ᠪᠦᠬᠦᠢ ᠵᠠᠷᠢᠮ ᠠᠰᠠᠭᠤᠳᠠᠯ᠎ᠢ ᠱᠢᠢᠳᠪᠦᠷᠢᠯᠡᠬᠦ᠌᠎ᠳᠤ ᠴᠢᠬᠤᠯᠠ ᠶᠡᠭᠡ ᠦᠨ᠎ᠡ ᠦᠷᠳᠡᠭ᠎ᠲᠠᠢ ᠶᠤᠮ᠃ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠨᠢ ᠳᠤᠮᠳᠠᠳᠤ᠎ᠶ᠋ᠢᠨ ᠰᠣᠶᠣᠯ᠎ᠲᠠᠢ ᠰᠠᠯᠠᠭ᠎ᠠ ᠨᠠᠮᠠᠭ᠎ᠠ᠎ᠪᠠᠷ᠎ᠢᠶᠠᠨ ᠬᠤᠯᠪᠣᠯᠳᠤᠵᠤ᠂ ᠢᠯᠡ ᠲᠣᠳᠣ ᠥᠪᠥᠷ ᠮᠣᠩᠭᠤᠯ᠎ᠤᠨ ᠣᠨᠴᠠᠯᠢᠭ ᠪᠠ ᠴᠤᠭ ᠰᠦᠯᠳᠡ᠎ᠶ᠋ᠢ ᠬᠠᠳᠠᠭᠠᠯᠠᠭᠰᠠᠨ ᠳᠤᠮᠳᠠᠳᠤ᠎ᠶ᠋ᠢᠨ ᠰᠣᠶᠣᠯ᠎ᠤᠨ ᠴᠢᠬᠤᠯᠠ ᠰᠠᠯᠪᠤᠷᠢ ᠪᠣᠯᠬᠤ ᠶᠤᠮ᠃ ᠥᠪᠥᠷ ᠮᠣᠩᠭᠤᠯ ᠣᠷᠣᠨ᠎ᠳᠤ ᠬᠤᠷᠠᠮᠳᠤᠭ᠍ᠰᠠᠨ ᠱᠢᠯᠢᠳᠡᠭ ᠤᠯᠠᠮᠵᠢᠯᠠᠯᠲᠤ ᠰᠣᠶᠣᠯ᠎ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠠᠳᠠᠯᠢᠬᠠᠨ ᠦᠷᠳᠡᠭ᠎ᠤᠨ ᠮᠠᠭᠠᠳᠯᠠᠯᠲᠠ᠎ᠲᠠᠢ ᠪᠠᠢᠵᠤ᠂ ᠳᠤᠮᠳᠠᠳᠤ᠎ᠶ᠋ᠢᠨ ᠰᠣᠶᠣᠯ᠎ᠤᠨ ᠲᠠᠨᠢᠨ ᠮᠡᠳᠡᠷᠡᠬᠦᠢ᠎ᠶ᠋ᠢᠨ ᠬᠦᠴᠦᠲᠡᠢ ᠬᠤᠯᠪᠣᠯᠳᠤᠯ  ᠴᠡᠭ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠰᠣᠶᠣᠯ ᠢᠷᠭᠡᠨᠱᠢᠯ᠎ᠤᠨ ᠰᠠᠭᠤᠷᠢ ᠪᠤᠯᠳᠠᠭ᠃ ᠡᠭᠦᠨ᠎ᠤ ᠬᠠᠮᠲᠤ᠌᠂ ᠥᠪᠥᠷ ᠮᠣᠩᠭᠤᠯ ᠣᠷᠣᠨ᠎ᠤ ᠱᠢᠯᠢᠳᠡᠭ ᠤᠯᠠᠮᠵᠢᠯᠠᠯᠲᠤ ᠰᠣᠶᠣᠯ ᠴᠤ᠌ ᠲᠠᠰᠤᠷᠠᠯᠲᠠ ᠥᠬᠡᠶ ᠱᠢᠨ᠎ᠡ᠎ᠶ᠋ᠢ ᠡᠭᠦᠳᠦᠨ ᠪᠦᠲᠦᠭᠡᠵᠦ᠍᠂ ᠬᠠᠷᠢᠯᠴᠠᠨ ᠠᠭᠤᠰᠤᠯᠴᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠠᠮᠢᠵᠢᠷᠠᠯ᠎ᠤᠨ ᠬᠦᠴᠦᠨ᠎ᠢ ᠨᠡᠮᠡᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠠᠢᠭᠤᠯᠬᠤ᠎ᠳᠤ ᠡᠯᠪᠡᠭ ᠳᠡᠯᠪᠡᠭ ᠱᠢᠮ᠎ᠡ ᠲᠡᠵᠢᠭᠡᠯ᠎ᠬᠠᠩᠭᠠᠵᠤ ᠪᠠᠢᠨ᠎ᠠ᠃ ᠥᠪᠥᠷ ᠮᠣᠩᠭᠤᠯ ᠤᠷᠤᠨ᠎ᠤ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ ᠱᠢᠨ᠎ᠡ ᠳᠦᠷᠰᠦ ᠪᠠᠢᠳᠠᠯ᠎ᠢ ᠢᠳᠡᠪᠬᠢᠲᠡᠢ ᠪᠤᠢᠵᠢᠭᠤᠯᠵᠤ᠂ ᠰᠣᠶᠣᠯ᠎ᠤᠨ ᠬᠦᠴᠦᠷᠬᠡᠭ ᠣᠷᠣᠨ᠎ᠢ  ᠪᠠᠢᠭᠤᠯᠬᠤ᠎ᠶ᠋ᠢᠨ ᠵᠣᠷᠢᠯᠭ᠎ᠠ᠎ᠨᠢ ᠭᠡᠪᠡᠯ ᠳᠤᠮᠳᠠᠳᠤ᠎ᠶ᠋ᠢᠨ ᠦᠨᠳᠦᠰᠦᠲᠡᠨ᠎ᠤ ᠰᠣᠶᠣᠯ᠎ᠤᠨ ᠭᠤᠣᠯ ᠴᠣᠭ᠍ᠴᠠᠲᠤ ᠴᠢᠨᠠᠷ᠎ᠢ ᠥᠨᠳᠥᠷ ᠮᠠᠨᠳᠤᠭᠤᠯᠵᠤ᠂ ᠳᠤᠮᠳᠠᠳᠤ᠎ᠶ᠋ᠢᠨ ᠰᠤᠶᠤᠯ᠎ᠤᠨ 《ᠦᠨᠳᠦᠰᠦ ᠰᠤᠳᠠᠰᠤ》 ᠪᠠ 《ᠰᠦᠭ ᠰᠦᠨᠡᠰᠦ》 ᠎ᠶ᠋ᠢ ᠪᠠᠲᠤ ᠰᠠᠬᠢᠵᠤ᠂ ᠮᠠᠷᠺᠰ᠎ᠤᠨ ᠦᠵᠡᠯ᠎ᠢᠶᠠᠷ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠳᠠᠬᠢ ᠱᠢᠯᠢᠳᠡᠭ ᠡᠯᠧᠮᠧᠨ᠋ᠲ᠎ᠢ ᠬᠥᠭ᠌ᠵᠢᠭᠡᠬᠦ᠌᠎ᠶ᠋ᠢᠨ ᠬᠠᠮᠲᠤ ᠲᠡᠭᠦᠨ᠎ᠳᠤ ᠱᠢᠨ᠎ᠡ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠣᠯᠭᠤᠵᠤ᠂ ᠤᠯᠠᠷᠢᠯ ᠬᠤᠪᠢᠰᠤᠯᠲᠠ᠎ᠶ᠋ᠢ ᠲᠤᠭᠤᠯᠤᠨ ᠦᠯᠡᠳᠡᠭᠡᠭ᠌ᠰᠡᠨ ᠳᠤᠮᠳᠠᠳᠤ᠎ᠶ᠋ᠢᠨ ᠪᠣᠯᠪᠠᠰᠤᠨ᠎ᠤ ᠦᠨᠡᠲᠦ ᠡᠷᠳᠡᠨᠢ᠎ᠶ᠋ᠢ ᠥᠪᠥᠷ ᠮᠣᠩᠭᠤᠯ ᠣᠷᠣᠨ᠎ᠳᠤ ᠰᠠᠢᠲᠤᠷ ᠬᠠᠮᠠᠭᠠᠯᠠᠵᠤ᠂ ᠰᠠᠢᠲᠤᠷ ᠪᠠᠳᠠᠷᠠᠭᠤᠯᠵᠤ᠂ ᠰᠠᠢᠲᠤᠷ ᠬᠥᠭ᠌ᠵᠢᠭᠦᠯᠬᠦ᠌᠎ᠶ᠋ᠢᠨ ᠲᠥᠯᠥᠭᠡ ᠶᠤᠮ᠃

ᠤᠷᠤᠨ᠎ᠨᠣᠳᠣᠭ ᠤ᠋ᠨ ᠰᠣᠶᠣᠯ᠎ᠤᠨ ᠦᠢᠯᠡᠰ᠎ᠢ ᠶᠡᠭᠡ᠎ᠪᠠᠷ ᠴᠡᠴᠡᠭ᠌ᠯᠡᠭᠦᠯᠦᠨ ᠬᠥᠭ᠌ᠵᠢᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠨ ᠳᠡᠯᠭᠡᠷᠡᠭᠦᠯᠬᠦ᠌ ᠬᠦᠴᠦᠨ ᠪᠠ ᠨᠥᠯᠥᠭᠡᠯᠡᠬᠦ᠌ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠶ

ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠢ  ᠪᠠᠢᠭᠤᠯᠬᠤ᠎ᠳᠤ ᠵᠠᠪᠠᠯ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠣᠶᠤᠨ ᠰᠠᠨᠠᠭᠠᠨ᠎ᠤ ᠠᠭᠤᠯᠤᠭᠳᠠᠬᠤᠨ᠎ᠢ ᠭᠦᠨᠵᠡᠭᠡᠶ ᠠᠭᠤᠳᠠᠯᠤᠨ ᠲᠠᠢᠯᠪᠤᠷᠢᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯ᠎ᠤᠨ ᠰᠣᠶᠣᠯ ᠪᠣᠯᠤᠨ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠣᠷᠭᠠᠨᠢᠭ᠎ᠢᠶᠠᠷ ᠤᠶᠠᠯᠳᠤᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ ᠪᠠ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠬᠦ᠌᠎ᠶ᠋ᠢ ᠠᠬᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠬᠤᠪᠢᠰᠭᠠᠯᠲᠤ ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠯᠤᠭ᠎ᠠ ᠭᠦᠨᠵᠡᠭᠡᠢ ᠠᠭᠤᠰᠤᠯᠴᠠᠭᠤᠯᠬᠤ ᠬᠡᠷᠡᠭ᠌ᠲᠡᠢ᠃ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠨᠢ ᠤᠯᠤᠰ᠎ᠢᠶᠠᠨ ᠬᠠᠢᠷᠠᠯᠠᠬᠤ ᠦᠵᠡᠯ᠂ ᠨᠡᠢᠲᠡᠴᠢ ᠦᠵᠡᠯ ᠪᠣᠯᠤᠨ ᠨᠡᠢᠭᠡᠮ ᠵᠢᠷᠤᠮ᠎ᠤᠨ  ᠬᠥᠮᠦᠵᠢᠯ᠎ᠳᠤ ᠡᠯᠪᠡᠭ ᠪᠠᠶᠠᠯᠢᠭ ᠰᠣᠶᠣᠯ᠎ᠤᠨ ᠠᠭᠤᠯᠬᠤᠨ᠎ᠢ ᠬᠠᠩᠭᠠᠳᠠᠭ᠃ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠢ ᠠᠭᠤᠳᠠᠯᠤᠨ ᠲᠠᠢᠯᠪᠤᠷᠢᠯᠠᠬᠤ᠎ᠨᠢ ᠲᠡᠭᠦᠨ᠎ᠳᠤ ᠠᠭᠤᠯᠤᠭ᠍ᠳᠠᠵᠤ ᠪᠠᠢᠭ᠎ᠠ ᠤᠯᠤᠰ᠎ᠢᠶᠠᠨ ᠬᠠᠢᠷᠠᠯᠠᠬᠤ ᠦᠵᠡᠯ᠂ ᠨᠡᠢᠲᠡᠴᠢ ᠦᠵᠡᠯ᠂ ᠨᠡᠢᠭᠡᠮ ᠵᠢᠷᠤᠮ᠎ᠤᠨ  ᠬᠥᠮᠦᠵᠢᠯ᠎ᠤᠨ ᠡᠬᠢ ᠪᠠᠶᠠᠯᠢᠭ ᠪᠣᠯᠭᠠᠨ ᠤᠨᠳᠤᠤᠰᠢᠭᠤᠯᠬᠤ᠎ᠳᠤ ᠠᠱᠢᠭ᠍ᠲᠠᠢ ᠶᠤᠮ᠃ ᠡᠭᠦᠨ᠎ᠳᠤ ᠰᠤᠷᠭᠠᠨ ᠬᠥᠮᠦᠵᠢᠯ᠎ᠤᠨ ᠠᠭᠤᠯᠭ᠎ᠠ ᠪᠠ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠬᠥᠮᠦᠵᠢᠯ᠎ᠤᠨ ᠪᠣᠳᠠᠲᠤ ᠦᠷ᠎ᠡ ᠪᠦᠳᠦᠮᠵᠢᠳᠤ ᠴᠢᠨᠠᠷ ᠪᠠ ᠴᠠᠭ ᠦᠶᠡᠴᠢ ᠴᠢᠨᠠᠷ᠎ᠢ ᠳᠡᠭᠡᠭ᠌ᠰᠢᠯᠡᠭᠦᠯᠦᠨ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠯᠤᠰ ᠣᠷᠣᠨ᠎ᠢᠶᠠᠨ ᠬᠠᠢᠷᠠᠯᠠᠬᠤ᠂ ᠦᠨᠡᠨᠴᠢ ᠱᠢᠳᠤᠷᠭᠤ ᠪᠠᠢᠬᠤ ᠪᠠ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠩᠭᠠᠳᠭᠠᠵᠤ᠂ ᠨᠡᠢᠭᠡᠮ ᠵᠢᠷᠤᠮ᠎ᠤᠨ ᠮᠥᠨ ᠴᠢᠨᠠᠷ᠎ᠤᠨ ᠣᠨᠴᠠᠯᠢᠭ ᠪᠠ ᠳᠠᠪᠠᠭᠤᠯᠢᠭ ᠴᠢᠨᠠᠷ᠎ᠢ ᠭᠦᠨᠵᠡᠭᠡᠶ ᠤᠢᠯᠠᠭᠠᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠤᠨ ᠲᠤᠬᠠᠶ ᠢᠲᠡᠭᠡᠯ ᠎ᠢᠶᠠᠨ ᠪᠠᠲᠤᠳᠭᠠᠵᠤ᠂ ᠨᠡᠢᠭᠡᠮ᠎ᠤᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠨᠡᠢᠭᠡᠮ᠎ᠤᠨ ᠡᠶ᠎ᠡ ᠵᠣᠬᠢᠴᠠᠡᠭᠭᠤᠢ ᠲᠣᠭ᠍ᠲᠠᠭᠤᠨ ᠪᠠᠢᠬᠤ ᠪᠠ ᠤᠯᠤᠰ ᠣᠷᠣᠨ᠎ᠤ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃

ᠨᠢᠭᠡ ᠵᠦᠢᠯ᠎ᠤᠨ ᠥᠷᠲᠡᠭ᠎ᠤᠨ ᠦᠵᠡᠯᠲᠡ᠎ᠶ᠋ᠢᠨ ᠦᠢᠯᠡᠳᠦᠯ᠎ᠢ ᠦᠨᠡᠨ ᠬᠦ᠌ ᠪᠠᠳᠠᠷᠠᠭᠤᠯᠬᠤ᠎ᠳᠤ ᠡᠷᠬᠡᠪᠰᠢ ᠨᠡᠢᠭᠡᠮ᠎ᠤᠨ ᠠᠮᠢᠳᠤᠷᠠᠯ᠎ᠳᠤ ᠠᠭᠤᠰᠭᠠᠨ ᠣᠷᠣᠭᠤᠯᠵᠤ᠂ ᠬᠥᠮᠦᠰ᠎ᠲᠤ ᠦᠢᠯᠡᠳᠦᠯᠭᠡ᠎ᠶ᠋ᠢᠨ ᠳᠤᠮᠳᠠ ᠲᠡᠭᠦᠨ᠎ᠢ ᠮᠡᠳᠡᠷᠡᠭᠦᠯᠵᠦ᠍᠂ ᠣᠢᠯᠠᠭᠠᠭᠤᠯᠬᠤ ᠬᠡᠷᠡᠭ᠌ᠲᠡᠶ᠃ ᠥᠪᠥᠷ ᠮᠣᠩᠭᠤᠯ᠎ᠤᠨ ᠭᠠᠵᠠᠷ ᠣᠷᠣᠨ᠎ᠤ ᠰᠣᠶᠣᠯ᠎ᠢ  ᠪᠠᠢᠭᠤᠯᠬᠤ᠎ᠨᠢ ᠬᠡᠢᠰᠪᠦᠷᠢ ᠦᠷᠳᠡᠭ᠎ᠤᠨ ᠦᠵᠡᠯᠲᠡ᠎ᠶ᠋ᠢ ᠪᠣᠳᠠᠲᠠᠢᠵᠢᠭᠤᠯᠵᠤ᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠣᠶᠣᠯ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠨᠠᠷᠢᠨ ᠵᠦᠢᠯ᠎ᠢ ᠳᠣᠲᠣᠭ᠍ᠰᠢᠯᠠᠭᠤᠯᠵᠤ᠂ ᠲᠡᠭᠦᠨ᠎ᠢ ᠬᠥᠮᠦᠰ᠎ᠤᠨ ᠡᠳᠦᠷ ᠲᠤᠳᠤᠮ᠎ᠤᠨ ᠠᠵᠢᠯ ᠠᠮᠢᠳᠤᠷᠠᠯ᠎ᠤᠨ ᠦᠨᠳᠦᠰᠦᠨ ᠵᠢᠷᠤᠮᠯᠠᠯ ᠪᠣᠯᠭᠠᠬᠤ᠎ᠳᠤ ᠠᠱᠢᠭ᠍ᠲᠠᠢ ᠶᠤᠮ᠃ ᠡᠭᠦᠨ᠎ᠤ ᠰᠠᠭᠤᠷᠢᠨ ᠳᠡᠭᠡᠷ᠎ᠡ᠂ ᠨᠡᠢᠭᠡᠮ ᠵᠢᠷᠤᠮ᠎ᠤᠨ ᠭᠤᠣᠯᠯᠠᠬᠴᠢ ᠦᠷᠳᠡᠭ᠎ᠤᠨ ᠦᠵᠡᠯᠲᠡ᠎ᠪᠠᠷ ᠬᠥᠲᠥᠯᠥᠨ ᠳᠠᠭᠠᠭᠤᠯᠬᠤ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠶ᠋ᠢᠨ ᠬᠦᠰᠡᠯᠡᠩ ᠢᠲᠡᠭᠡᠯ ᠵᠣᠷᠢᠭ᠎ᠢ ᠪᠤᠢᠵᠢᠭᠤᠯᠵᠤ᠂ ᠦᠷᠳᠡᠭ᠎ᠤᠨ ᠪᠠᠷᠢᠮᠵᠢᠶ᠎ᠠ᠎ᠶ᠋ᠢ ᠪᠤᠢ ᠪᠣᠯᠭᠠᠨ᠂ ᠶᠣᠰᠣ ᠮᠣᠷᠠᠯ᠎ᠤᠨ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠪᠦᠬᠦ᠌ ᠨᠡᠢᠭᠡᠮ᠎ᠢ ᠬᠥᠲᠥᠯᠥᠨ ᠳᠠᠭᠠᠭᠤᠯᠵᠤ  ᠡᠳᠦᠷ ᠢᠷᠡᠬᠦᠶ᠎ᠡ ᠶᠣᠰᠣ ᠮᠣᠷᠠᠯ᠎ᠢ ᠡᠷᠬᠢᠮᠯᠡᠨ ᠰᠠᠢᠨ ᠵᠦᠭ᠎ᠲᠤ ᠲᠡᠮᠡᠦᠯᠬᠦ᠌ ᠨᠡᠢᠭᠡᠮ᠎ᠤᠨ ᠬᠡᠪ ᠰᠤᠷᠲᠠᠯ ᠪᠠ ᠡᠷᠬᠢᠮ ᠳᠡᠭᠡᠳᠦ ᠤᠶᠤᠨ ᠰᠠᠨᠠᠭᠠᠨ᠎ᠤ ᠬᠥᠭᠡᠭᠡᠴᠡᠯᠳᠦᠯ᠎ᠢ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠤᠶᠤᠨ ᠰᠠᠨᠠᠭᠠᠨ᠎ᠤ ᠰᠣᠶᠣᠯ᠎ᠤᠨ ᠰᠠᠭᠤᠷᠢ᠎ᠶ᠋ᠢ ᠪᠠᠳᠤᠳᠭᠠᠬᠤ ᠬᠡᠷᠡᠭᠲᠠᠢ᠃

(ᠵᠣᠬᠢᠶᠠᠭᠴᠢ ᠵᠢᠨ ᠬᠠᠶᠢᠭ᠄ ᠦᠪᠦᠷ ᠮᠣᠩᠭᠣᠯ ᠤ᠋ᠨ ᠦᠪᠡᠷᠳᠡᠭᠡᠨ ᠵᠠᠰᠠᠬᠣ ᠣᠷᠣᠨ ᠤ᠋ ᠨᠡᠢᠭᠡᠮ ᠤ᠋ᠨ ᠰᠢᠨᠵᠢᠯᠡᠬᠦ ᠣᠬᠠᠭᠠᠨ ᠤ᠋ ᠬᠦᠷᠢᠶᠡᠯᠡᠩ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号