ᠦᠷᠭᠡᠨ ᠠᠭᠤᠳᠠᠮ ᠬᠦᠳᠡᠭᠡ ᠲᠤᠰᠬᠤᠨ ᠪᠤᠯ ᠲᠦᠭ ᠲᠦᠮᠡᠨ ᠮᠠᠯᠴᠢᠨ ᠲᠠᠷᠢᠶᠠᠴᠢᠨ ᠤ᠋ ᠭᠡᠷ ᠤᠷᠤᠨ ᠮᠦᠨ᠃ ᠬᠦᠳᠡᠭᠡ ᠲᠤᠰᠬᠤᠨ ᠤ᠋ ᠪᠦᠬᠦ ᠲᠠᠯ᠎ᠠ ᠶ᠋ᠢᠨ ᠬᠦᠭᠵᠢᠯ ᠮᠠᠨᠳᠤᠯ ᠢ᠋ ᠠᠬᠢᠭᠤᠯᠬᠤ ᠳ᠋ᠤ ᠲᠤᠰ ᠲᠤᠰ ᠤ᠋ᠨ ᠳᠠᠪᠠᠭᠤᠯᠢᠭ ᠢ᠋ ᠪᠠᠳᠠᠷᠠᠭᠤᠯᠵᠤ᠂ ᠴᠡᠴᠡᠭ ᠪᠦᠬᠦᠨ ᠢ᠋ ᠵᠡᠷᠭᠡ ᠪᠡᠷ ᠳᠡᠯᠭᠡᠷᠡᠭᠦᠯᠬᠦ ᠨᠢ ᠮᠠᠰᠢ ᠴᠢᠬᠤᠯᠠ ᠶᠤᠮ᠃ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ᠂ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠤᠷᠤᠰᠢᠨ ᠰᠠᠭᠤᠷᠢᠰᠢᠵᠤ ᠠᠵᠢᠯ ᠦᠢᠯᠡᠰ ᠪᠦᠲᠦᠭᠡᠬᠦ ᠳ᠋ᠤ ᠳᠤᠬᠢᠷᠠᠮᠵᠢᠳᠠᠢ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠳᠤᠮᠳᠠᠳᠤ ᠤᠯᠤᠰ ᠤ᠋ᠨ ᠠᠷᠠᠳ ᠤ᠋ᠨ ᠶᠡᠬᠡ ᠰᠤᠷᠭᠠᠭᠤᠯᠢ ᠶ᠋ᠢᠨ ᠬᠦᠳᠡᠭᠡ ᠠᠵᠤ ᠠᠬᠤᠢ ᠬᠢᠭᠡᠳ ᠬᠦᠳᠡᠭᠡ ᠲᠤᠰᠬᠤᠨ ᠤ᠋ ᠬᠦᠭᠵᠢᠯᠳᠡ ᠶ᠋ᠢᠨ ᠰᠤᠳᠤᠯᠤᠯ ᠤ᠋ᠨ ᠬᠦᠷᠢᠶᠡᠯᠡᠩ ᠤ᠋ᠨ ᠫᠷᠤᠹᠧᠰᠰᠤᠷ ᠺᠦᠩ ᠰᠢᠶᠠᠩ ᡁᠢ᠄ ᠤᠷᠤᠰᠢᠨ ᠰᠠᠭᠤᠷᠢᠰᠢᠵᠤ ᠠᠵᠢᠯ ᠦᠢᠯᠡᠰ ᠪᠦᠲᠦᠭᠡᠬᠦ ᠳ᠋ᠤ ᠳᠤᠬᠢᠷᠠᠮᠵᠢᠳᠠᠢ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠳ᠋ᠤ 《ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠬᠤ》 ᠶ᠋ᠢ ᠨᠡᠩ ᠴᠢᠬᠤᠯᠠᠴᠢᠯᠠᠬᠤ ᠬᠡᠷᠡᠭᠳᠠᠢ᠃ ᠡᠯ᠎ᠠ ᠭᠠᠵᠠᠷ ᠤ᠋ᠨ ᠬᠢᠨ 《ᠮᠢᠩᠭ᠎ᠠ ᠲᠦᠮᠡ ᠶ᠋ᠢᠨ ᠢᠨᠵᠧᠨᠧᠷᠢᠩ》 ᠤ᠋ᠨ ᠲᠤᠷᠰᠢᠯᠭ᠎ᠠ ᠶ᠋ᠢ ᠰᠤᠷᠤᠯᠴᠠᠨ ᠬᠡᠷᠡᠭᠯᠡᠵᠦ᠂ ᠬᠦᠳᠡᠭᠡ ᠲᠤᠰᠬᠤᠨ ᠤ᠋ ᠬᠦᠮᠦᠨ ᠠᠮᠠ ᠶ᠋ᠢᠨ ᠬᠤᠪᠢᠷᠠᠯᠳᠠ ᠶ᠋ᠢᠨ ᠬᠠᠨᠳᠤᠰᠢ ᠶ᠋ᠢ ᠰᠢᠨᠵᠢᠯᠡᠬᠦ ᠤᠬᠠᠭᠠᠨᠴᠢ ᠪᠡᠷ ᠡᠵᠡᠮᠳᠡᠨ᠂ ᠡᠯ᠎ᠠ ᠵᠦᠢᠯ ᠤ᠋ᠨ ᠡᠬᠢ ᠪᠠᠶᠠᠯᠢᠭ ᠢ᠋ ᠵᠦᠢ ᠵᠤᠬᠢᠰᠳᠠᠢ ᠳᠤᠬᠢᠷᠠᠭᠤᠯᠵᠤ᠂ ᠬᠦᠳᠡᠭᠡ ᠲᠤᠰᠬᠤᠨ ᠢ᠋ ᠰᠢᠨᠵᠢᠯᠡᠬᠦ ᠤᠬᠠᠭᠠᠨᠴᠢ ᠪᠡᠷ ᠲᠦᠯᠦᠪᠵᠢᠭᠦᠯᠦᠨ ᠪᠦᠲᠦᠭᠡᠨ ᠪᠠᠢᠭᠤᠯᠬᠤ ᠬᠡᠷᠡᠭᠳᠠᠢ᠃ ᠭᠤᠤᠯ ᠲᠤᠰᠬᠤᠨ ᠤ᠋ ᠠᠮᠢᠳᠤᠷᠠᠯ ᠤ᠋ᠨ ᠨᠦᠬᠦᠴᠡᠯ ᠢ᠋ ᠬᠦᠴᠦᠯᠡᠨ ᠰᠠᠢᠵᠢᠷᠠᠭᠤᠯᠵᠤ᠂ ᠡᠷᠬᠢᠨ ᠲᠤᠭᠤᠷᠢᠨ ᠤ᠋ ᠲᠠᠷᠠᠬᠠᠢ ᠪᠤᠳᠠᠷᠬᠠᠢ ᠰᠠᠭᠤᠷᠢᠰᠢᠬᠤ ᠰᠠᠭᠤᠭᠠᠯᠢ ᠠᠷᠠᠳ ᠤ᠋ᠨ ᠠᠭᠠᠵᠢᠮ ᠶ᠋ᠢᠡᠷ ᠭᠤᠤᠯ ᠲᠤᠰᠬᠤᠨ ᠵᠦᠭ ᠰᠢᠯᠵᠢᠬᠦ ᠶ᠋ᠢ ᠠᠬᠢᠭᠤᠯᠤᠨ᠂ ᠬᠦᠳᠡᠭᠡ ᠲᠤᠰᠬᠤᠨ ᠤ᠋ ᠤᠯᠠᠨ ᠲᠦᠮᠡᠨ ᠳ᠋ᠤ ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠳᠠ ᠶ᠋ᠢᠨ ᠦᠷ᠎ᠠ ᠪᠦᠲᠦᠭᠡᠯ ᠢ᠋ ᠭᠦᠢᠴᠡᠳ ᠡᠳ᠋ᠯᠡᠭᠦᠯᠬᠦ ᠬᠡᠷᠡᠭᠳᠠᠢ᠃
ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ 《ᠬᠥᠳᠡᠭᠡ ᠲᠣᠰᠭᠣᠨ ᠤ᠋ ᠤᠳᠤ ᠦᠶ᠎ᠡ ᠶ᠋ᠢᠨ ᠠᠮᠢᠳᠤᠷᠠᠯ ᠤ᠋ᠨ ᠨᠥᠬᠥᠴᠡᠯ ᠦ᠋ᠨ ᠳᠤᠲᠠᠭᠤᠳᠠᠯ ᠢ᠋ ᠱᠠᠯᠠᠪᠳᠠᠨ ᠨᠥᠬᠥᠪᠥᠷᠢᠯᠡᠵᠦ᠍᠂ ᠬᠥᠳᠡᠭᠡ ᠲᠣᠰᠭᠣᠨ ᠤ᠋ ᠴᠢᠨᠠᠷᠯᠢᠭ ᠠᠮᠢᠳᠤᠷᠠᠯ ᠤ᠋ᠨ ᠣᠷᠣᠨ ᠵᠠᠢ ᠶ᠋ᠢ ᠡᠭᠦᠳᠬᠦ᠌ ᠬᠡᠷᠡᠭ᠌ᠲᠡᠢ》 ᠭᠡᠵᠦ ᠳᠤᠷᠠᠳᠴᠠᠢ᠃ ᠡᠨᠡ ᠨᠢ ᠺᠦᠩ ᠰᠢᠶᠠᠩ ᡁᠢ ᠳ᠋ᠤ ᠮᠠᠰᠢ ᠭᠦᠨ ᠰᠠᠭᠤᠭᠳᠠᠯ ᠦᠭᠴᠤ᠂ 《ᠬᠦᠳᠡᠭᠡ ᠲᠤᠰᠬᠤᠨ ᠪᠤᠯᠤᠨ ᠬᠤᠳᠠ ᠪᠤᠯ ᠠᠳᠠᠯᠢ ᠪᠤᠰᠤ ᠠᠮᠢᠳᠤᠷᠠᠯ ᠤ᠋ᠨ ᠤᠷᠤᠨ ᠵᠠᠢ ᠮᠦᠨ᠃ ᠬᠤᠳᠠ ᠬᠦᠳᠡᠭᠡ ᠶ᠋ᠢᠨ ᠠᠭᠤᠰᠤᠯᠴᠠᠭᠰᠠᠨ ᠬᠦᠭᠵᠢᠯᠳᠡ ᠶ᠋ᠢ ᠠᠬᠢᠭᠤᠯᠬᠤ ᠨᠢ ᠬᠦᠳᠡᠭᠡ ᠲᠤᠰᠬᠤᠨ ᠢ᠋ ᠬᠤᠳᠠ ᠲᠠᠢ ᠨᠢᠭᠡ ᠯᠡ ᠠᠳᠠᠯᠢ ᠪᠤᠯᠭᠠᠨ ᠪᠦᠲᠦᠭᠡᠨ ᠪᠠᠢᠭᠤᠯᠬᠤ ᠶᠠᠪᠤᠳᠠᠯ ᠪᠢᠰᠢ᠂ ᠬᠠᠷᠢᠨ ᠬᠦᠳᠡᠭᠡ ᠲᠤᠰᠬᠤᠨ ᠤ᠋ ᠨᠦᠬᠦᠴᠡᠯ ᠢ᠋ ᠨᠡᠩ ᠰᠠᠢᠨ ᠪᠤᠯᠭᠠᠨ᠂ ᠤᠷᠤᠰᠢᠨ ᠠᠮᠢᠳᠤᠷᠠᠬᠤ ᠳ᠋ᠤ ᠨᠡᠩ ᠳᠤᠬᠢᠯᠢᠭ ᠪᠤᠯᠭᠠᠨ ᠪᠦᠲᠦᠭᠡᠨ ᠪᠠᠢᠭᠤᠯᠬᠤ ᠪᠡᠷ ᠬᠦᠴᠦᠯᠡᠬᠦ ᠳ᠋ᠤ ᠪᠤᠢ》 ᠭᠡᠵᠦ ᠲᠡᠷᠡ ᠢᠯᠡᠷᠬᠡᠢᠯᠡᠪᠡ᠃
ᠤᠳᠤᠬᠠᠨ ᠳ᠋ᠤ᠂ ᠮᠠᠨ ᠤ᠋ ᠤᠯᠤᠰ ᠤ᠋ᠨ ᠬᠦᠳᠡᠭᠡ ᠲᠤᠰᠬᠤᠨ ᠤ᠋ ᠰᠠᠭᠤᠷᠢ ᠲᠦᠬᠦᠭᠡᠷᠦᠮᠵᠢ ᠶ᠋ᠢᠨ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ ᠬᠦᠳᠡᠭᠡ ᠲᠤᠰᠬᠤᠨ ᠤ᠋ ᠬᠦᠮᠦᠨ ᠠᠷᠠᠳ ᠤ᠋ᠨ ᠤᠷᠤᠰᠢᠨ ᠠᠮᠢᠳᠤᠷᠠᠬᠤ ᠤᠷᠴᠢᠨ ᠨᠦᠬᠦᠴᠡᠯ ᠢᠯᠡᠳᠳᠡ ᠰᠠᠢᠵᠢᠷᠠᠨ᠂ 90% ᠡᠴᠡ ᠳᠡᠭᠡᠭᠰᠢᠬᠢ ᠵᠠᠰᠠᠭ ᠵᠠᠬᠢᠷᠭᠠᠨ ᠤ᠋ ᠲᠤᠰᠬᠤᠨ ᠠᠮᠢᠳᠤᠷᠠᠯ ᠤ᠋ᠨ ᠬᠤᠭ ᠨᠤᠪᠰᠢ ᠶ᠋ᠢ ᠨᠢᠭᠡᠳᠦᠯᠳᠠᠢ ᠵᠦᠭᠡᠭᠡᠪᠤᠷᠢᠯᠡᠨ ᠰᠢᠢᠳᠪᠤᠷᠢᠯᠡᠵᠦ᠂ 76% ᠤᠷᠴᠢᠮ ᠤ᠋ᠨ ᠬᠦᠳᠡᠭᠡ ᠲᠤᠰᠬᠤᠨ ᠠᠷᠢᠭᠤᠨ ᠴᠡᠪᠡᠷ ᠵᠤᠷᠯᠤᠩ ᠢ᠋ ᠲᠦᠭᠡᠮᠡᠯᠵᠢᠭᠦᠯᠵᠠᠢ᠃
ᠳᠤᠮᠳᠠᠳᠤ ᠤᠯᠤᠰ ᠤ᠋ᠨ ᠠᠷᠠᠳ ᠤ᠋ᠨ ᠶᠡᠬᠡ ᠰᠤᠷᠭᠠᠭᠤᠯᠢ ᠶ᠋ᠢᠨ ᠬᠦᠳᠡᠭᠡ ᠠᠵᠤ ᠠᠬᠤᠢ ᠬᠢᠭᠡᠳ ᠬᠦᠳᠡᠭᠡ ᠲᠤᠰᠬᠤᠨ ᠤ᠋ ᠬᠦᠭᠵᠢᠯᠳᠡ ᠶ᠋ᠢᠨ ᠰᠤᠳᠤᠯᠤᠯ ᠤ᠋ᠨ ᠬᠦᠷᠢᠶᠡᠯᠡᠩ ᠤ᠋ᠨ ᠫᠷᠤᠹᠧᠰᠰᠤᠷ ᠺᠦᠩ ᠰᠢᠶᠠᠩ ᡁᠢ᠄ ᠡᠬᠦᠨ ᠢ᠋ ᠬᠦᠭᠵᠢᠭᠰᠡᠨ ᠤᠯᠤᠰ ᠤ᠋ᠨ ᠬᠦᠳᠡᠭᠡ ᠲᠤᠰᠬᠤᠨ ᠯᠤᠭ᠎ᠠ ᠬᠠᠷᠢᠴᠠᠭᠤᠯᠪᠠᠯ ᠪᠠᠰᠠ ᠵᠤᠬᠢᠬᠤ ᠵᠦᠷᠢᠶ᠎ᠠ ᠲᠠᠢ ᠪᠠᠢᠭᠰᠠᠭᠠᠷ᠃ 2035 ᠤᠨ ᠪᠤᠯᠬᠤ ᠳ᠋ᠤ ᠬᠦᠳᠡᠭᠡ ᠠᠵᠤ ᠠᠬᠤᠢ ᠶ᠋ᠢᠨ ᠤᠳᠤᠬᠢᠴᠢᠯᠠᠯᠳᠠ ᠶ᠋ᠢ ᠦᠨᠳᠦᠰᠦᠨ ᠳ᠋ᠡᠭᠡᠨ ᠪᠡᠶᠡᠯᠡᠭᠦᠯᠬᠦ᠂ ᠬᠦᠳᠡᠭᠡ ᠲᠤᠰᠬᠤᠨ ᠳ᠋ᠤ ᠦᠨᠳᠦᠰᠦᠨ ᠳ᠋ᠡᠭᠡᠨ ᠤᠳᠤ ᠦᠶ᠎ᠠ ᠶ᠋ᠢᠨ ᠠᠮᠢᠳᠤᠷᠠᠯ ᠤ᠋ᠨ ᠨᠦᠬᠦᠴᠡᠯ ᠢ᠋ ᠪᠦᠷᠢᠯᠳᠦᠭᠦᠯᠬᠦ ᠡᠨᠡ ᠬᠦ᠌ ᠬᠠᠷᠠᠯᠳᠠ ᠳ᠋ᠤ ᠠᠩᠬᠠᠷᠤᠯ ᠶ᠋ᠢᠡᠨ ᠲᠦᠪᠯᠡᠷᠡᠭᠦᠯᠦᠨ ᠲᠠᠰᠤᠷᠠᠯᠳᠠ ᠦᠭᠡᠢ ᠬᠦᠴᠦᠯᠡᠨ ᠴᠢᠷᠮᠠᠢᠵᠤ᠂ 《ᠠᠷᠪᠠᠨ ᠳᠠᠪᠤᠳᠤᠭᠠᠷ ᠳᠠᠪᠤᠨ ᠵᠢᠯ》ᠤ᠋ᠨ ᠬᠤᠭᠤᠴᠠᠭᠠᠨ ᠤ᠋ ᠬᠦᠳᠡᠭᠡ ᠲᠤᠰᠬᠤᠨ ᠤ᠋ ᠠᠷᠢᠭᠤᠨ ᠴᠡᠪᠡᠷ ᠵᠤᠷᠯᠤᠩ ᠤ᠋ᠨ ᠪᠠᠢᠭᠤᠯᠤᠯᠳᠠ ᠂ ᠪᠤᠬᠢᠷ ᠤᠰᠤᠨ ᠤ᠋ ᠰᠢᠢᠳᠪᠤᠷᠢᠯᠡᠯᠳᠡ ᠵᠡᠷᠭᠡ ᠠᠵᠢᠯ ᠢ᠋ ᠢᠯᠡᠳᠳᠡ ᠰᠠᠢᠵᠢᠷᠠᠭᠤᠯᠬᠤ ᠬᠡᠷᠡᠭᠳᠠᠢ᠃
ᠬᠦᠳᠡᠭᠡ ᠲᠤᠰᠬᠤᠨ ᠤ᠋ ᠪᠦᠲᠦᠭᠡᠨ ᠪᠠᠢᠭᠤᠯᠤᠯᠳᠠ ᠳ᠋ᠤ 《ᠬᠠᠳᠠᠭᠤ ᠲᠦᠬᠦᠭᠡᠷᠦᠮᠵᠢ》 ᠶ᠋ᠢ ᠰᠠᠢᠵᠢᠷᠠᠭᠤᠯᠬᠤ ᠬᠡᠷᠡᠭᠳᠠᠢ ᠪᠦᠭᠡᠳ 《ᠵᠦᠭᠡᠯᠡᠨ ᠤᠷᠴᠢᠨ ᠨᠦᠬᠦᠴᠡᠯ》 ᠢ᠋ ᠴᠤ᠌ ᠡᠭᠦᠳᠬᠦ ᠬᠡᠷᠡᠭᠳᠠᠢ᠃ ᠤᠢᠷ᠎ᠠ ᠶ᠋ᠢᠨ ᠵᠢᠯ ᠳ᠋ᠤ ᠲᠦᠪ ᠤ᠋ᠨ ᠨᠢᠭᠡᠳᠦᠭᠡᠷ ᠲᠤᠭᠠᠳᠤ ᠪᠢᠴᠢᠭ ᠮᠠᠲᠧᠷᠢᠶᠠᠯ ᠡᠴᠡ ᠬᠦᠳᠡᠭᠡ ᠲᠤᠰᠬᠤᠨ ᠤ᠋ ᠪᠤᠯᠪᠠᠰᠤᠨ ᠰᠤᠷᠳᠠᠯ ᠤ᠋ᠨ ᠠᠰᠠᠭᠤᠳᠠᠯ ᠳ᠋ᠤ ᠵᠠᠯᠭᠠᠭ᠎ᠠ ᠪᠡᠷ ᠠᠩᠬᠠᠷᠤᠯ ᠶ᠋ᠢᠡᠨ ᠬᠠᠨᠳᠤᠭᠤᠯᠪᠠ᠃ ᠡᠨᠡ ᠵᠢᠯ ᠤ᠋ᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠬᠦᠳᠡᠭᠡ ᠲᠤᠰᠬᠤᠨ ᠤ᠋ ᠪᠤᠯᠪᠠᠰᠤᠨ ᠰᠤᠷᠳᠠᠯ ᠤ᠋ᠨ ᠪᠠᠢᠭᠤᠯᠤᠯᠳᠠ ᠶ᠋ᠢᠨ ᠢᠨᠵᠧᠨᠧᠷᠢᠩ ᠢ᠋ ᠭᠦᠨᠵᠡᠭᠡᠢ ᠬᠡᠷᠡᠭᠵᠢᠭᠦᠯᠦᠨ᠂ ᠬᠥᠳᠡᠭᠡ ᠲᠣᠰᠭᠣᠨ ᠤ᠋ ᠬᠠᠭᠤᠴᠢᠨ ᠬᠡᠪ ᠵᠠᠩᠰᠢᠯ ᠢ᠋ ᠥᠭᠡᠷᠡᠴᠢᠯᠡᠨ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠬᠤ ᠬᠡᠷᠡᠭᠳᠡᠢ ᠭᠡᠵᠦ ᠳᠠᠬᠢᠨᠳᠠ ᠪᠠᠢᠷᠢᠯᠠᠭᠤᠯᠵᠠᠢ᠃ ᠡᠨᠡ ᠨᠢ ᠨᠠᠮ ᠤ᠋ᠨ ᠲᠦᠪ ᠬᠤᠷᠢᠶ᠎ᠠ ᠡᠴᠡ ᠬᠦᠳᠡᠭᠡ ᠲᠤᠰᠬᠤᠨ ᠤ᠋ ᠪᠤᠯᠪᠠᠰᠤᠨ ᠰᠤᠷᠳᠠᠯ ᠤ᠋ᠨ ᠪᠠᠢᠭᠤᠯᠤᠯᠳᠠ ᠶ᠋ᠢᠨ ᠠᠰᠠᠭᠤᠳᠠᠯ ᠢ᠋ ᠳᠡᠭᠡᠳᠦ ᠬᠡᠮᠵᠢᠶ᠎ᠠ ᠪᠡᠷ ᠴᠢᠬᠤᠯᠠᠴᠢᠯᠠᠨ ᠦᠵᠡᠵᠦ᠂ ᠰᠠᠢᠳᠦᠷ ᠠᠴᠢᠯᠠᠭᠰᠠᠨ ᠦᠭᠡᠢ ᠪᠠᠢᠭᠠᠳ ᠰᠦᠷ ᠳᠠᠯᠠᠢᠴᠠᠳᠠᠢ ᠪᠡᠷ ᠤᠷᠤᠰᠢᠭᠤᠯᠬᠤ᠂ ᠬᠤᠷᠢᠮ ᠨᠠᠢᠷ ᠢ᠋ ᠨᠢᠵᠢᠬᠢᠷ ᠬᠢᠬᠦ᠂ ᠶᠡᠬᠡ ᠮᠦᠩᠭᠦᠨ ᠤ᠋ ᠪᠤᠭᠳᠤᠯᠠᠬᠤ ᠪᠡᠯᠡᠭ ᠠᠪᠬᠤ ᠵᠡᠷᠭᠡ ᠠᠰᠠᠭᠤᠳᠠᠯ ᠢ᠋ ᠴᠡᠭᠴᠡᠯᠡᠨ ᠵᠠᠰᠠᠬᠤ ᠳᠡᠭᠡᠷ᠎ᠠ ᠦᠷᠭᠦᠯᠵᠢᠯᠡᠨ ᠬᠦᠴᠦᠯᠡᠵᠤ᠂ ᠬᠦᠳᠡᠭᠡ ᠲᠤᠰᠬᠤᠨ ᠤ᠋ ᠰᠤᠷᠳᠠᠯ ᠤ᠋ᠨ ᠪᠠᠢᠭᠤᠯᠤᠯᠳᠠ ᠳ᠋ᠡᠬᠢ ᠲᠤᠪᠤᠢᠮ᠎ᠠ ᠠᠰᠠᠭᠤᠳᠠᠯ ᠢ᠋ ᠠᠯᠬᠤᠮ ᠠᠯᠬᠤᠮ ᠶ᠋ᠢᠡᠷ ᠰᠢᠢᠳᠪᠤᠷᠢᠯᠡᠬᠦ ᠪᠡᠷ ᠪᠠᠢᠭ᠎ᠠ ᠶ᠋ᠢ ᠬᠠᠷᠠᠭᠤᠯᠵᠤ ᠪᠠᠢᠨ᠎ᠠ᠃
(ᠰᠢᠨᠬᠤᠸᠠ ᠰᠦᠯᠵᠢᠶ᠎ᠠ ᠡᠴᠡ ᠨᠠᠢᠷᠠᠭᠤᠯᠤᠨ ᠤᠷᠴᠢᠭᠤᠯᠵᠤ ᠠᠪᠤᠪᠠ)