ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠪᠢᠴᠢᠵᠦ᠍ ᠬᠦᠰᠡᠯ ᠵᠦᠡᠭᠨᠡᠯ ᠲᠡᠪᠰᠢᠬᠦᠯᠦᠨ᠎ᠠ
2026-01-30 12:00:43
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠎ᠢ ᠵᠠᠯᠭᠠᠮᠵᠢᠯᠠᠵᠤ᠂ ᠪᠠᠶᠠᠷ ᠪᠠᠶᠠᠰᠭᠤᠯᠠᠩᠲᠤ ᠡᠶ᠎ᠡ ᠨᠠᠢᠷᠠᠮᠳᠠᠭᠤ ᠪᠠᠶᠠᠷ ᠎ᠤᠨ  ᠡᠳᠦᠷ ᠎ᠦᠨ ᠠᠭᠤᠷ ᠠᠮᠢᠰᠭᠤᠯ ᠎ᠢ ᠪᠣᠶ ᠪᠣᠯᠭᠠᠬᠤ ᠎ᠶ᠋ᠢᠨ ᠲᠥᠯᠥᠭᠡ᠂ ᠤᠢᠷ᠎ᠠ ᠳ᠋ᠤ᠂ ᠬᠦᠬᠡᠬᠤᠳᠠ ᠵᠢᠨ ᠬᠣᠲᠣᠩ ᠠᠷᠠᠳ᠎ᠤᠨ ᠲᠣᠭᠣᠷᠢᠭ᠎ᠤᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠭᠠᠡᠭ ᠲᠢᠶᠸ ᠵᠠᠮ᠎ᠤᠨ ᠬᠡᠷᠡᠭ ᠡᠷᠬᠢᠯᠡᠬᠦ᠌ ᠭᠠᠵᠠᠷ ᠲᠠᠢ ᠬᠠᠮᠳᠤᠷᠠᠨ ᠴᠠᠭᠠᠨ ᠰᠠᠷ᠎ᠠ ᠵᠢᠨ ᠬᠤᠤᠰ ᠤᠶᠠᠩᠭ᠎ᠠ ᠪᠢᠴᠢᠵᠦ᠍ ᠬᠦᠰᠡᠯ ᠵᠥᠩᠨᠡᠯ ᠳᠡᠪᠱᠢᠭᠦᠯᠬᠦ᠌ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠵᠢᠨ ᠲᠤᠬᠠᠢ᠎ᠶ᠋ᠢᠨ ᠲᠠᠯᠠᠪᠠᠢ ᠎ᠳᠤ ᠪᠢᠷ ᠪᠡᠬᠡᠰ ᠤ᠋ᠨ ᠦᠨᠦᠷ ᠬᠠᠩᠬᠤᠯᠵᠤ᠂ ᠦᠰᠦᠭ ᠵᠢᠷᠤᠭ ᠲᠡᠯᠭᠡᠭᠳᠡᠨ᠂ ᠴᠡᠷᠢᠭ ᠎ᠦᠨ ᠬᠠᠷᠢᠶ᠎ᠠ ᠦᠭᠡᠢ ᠠᠵᠢᠯ᠎ᠠᠴᠠ᠎ᠪᠠᠨ ᠠᠮᠠᠷᠠᠭ᠍ᠰᠠᠨ ᠠᠵᠢᠯᠳᠠᠨ ᠠᠵᠢᠯᠴᠢᠨ ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠵᠢᠴᠢ ᠭᠡᠷ ᠪᠦᠯᠢ᠎ᠶ᠋ᠢᠨ ᠬᠢᠨ ᠪᠢᠷ ᠬᠤᠷᠴᠠᠯᠠᠵᠤ ᠬᠤᠤᠰ ᠤᠶᠠᠡᠭᠭ᠎ᠠ ᠪᠢᠴᠢᠵᠤ ᠶᠠᠭᠠᠷᠠᠯᠳᠤᠨ᠎ᠠ᠃ ᠠᠵᠢᠯᠲᠠᠳ ᠬᠦᠰᠡᠯ ᠵᠥᠩᠨᠡᠯ ᠪᠢᠯᠬᠠᠭ᠍ᠰᠠᠨ ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠪᠣᠯᠤᠨ《ᠪᠤᠶᠠᠨ》 ᠦᠰᠦᠭ᠎ᠢ ᠠᠵᠢᠯᠯᠠᠭ᠎ᠠ ᠳ᠋ᠤ ᠤᠷᠤᠯᠴᠠᠬᠰᠠᠳ ᠲᠸ᠋ ᠰᠠᠷ᠎ᠠ ᠰᠢᠨ᠎ᠠ ᠵᠢᠨ ᠰᠠᠢᠬᠠᠨ ᠪᠡᠯᠡᠭ ᠪᠤᠯᠭᠠᠨ ᠬᠦᠷᠭᠡᠭᠰᠡᠨ ᠪᠠᠢᠨ᠎ᠠ᠃

ᠲᠠᠷᠠᠭᠠᠴᠢ ᠪᠡᠷ᠂ ᠬᠣᠲᠣᠩ ᠠᠷᠠᠳ᠎ᠤᠨ ᠲᠣᠭᠣᠷᠢᠭ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠠᠵᠢᠯᠯᠠᠭ᠎ᠠ᠎ᠶ᠋ᠢᠨ ᠬᠡᠯᠪᠡᠷᠢ᠎ᠪᠡᠨ ᠦᠷᠭᠦᠯᠵᠢᠯᠡᠨ ᠱᠢᠨᠡᠴᠢᠯᠡᠵᠦ᠍᠂ ᠦᠶ᠋ᠯᠡᠴᠢᠯᠡᠭᠡᠨ᠎ᠦ ᠠᠵᠢᠯ ᠎ᠢ ᠰᠡᠳᠭᠢᠯ ᠳᠡᠯᠪᠢᠨ ᠰᠠᠢᠲᠤᠷ ᠬᠢᠬᠦ᠌᠎ᠶ᠋ᠢᠨ ᠬᠠᠮᠲᠤ᠂ ᠬᠦᠨᠳᠦᠳᠭᠡᠨ ᠬᠠᠢᠷᠠᠯᠠᠬᠤ ᠣᠢᠯᠠᠭᠠᠭ᠍ᠳᠠᠬᠤᠨ᠎ᠢ ᠦᠶ᠋ᠯᠡᠴᠢᠯᠡᠭᠡᠨ᠎ᠦ ᠨᠠᠷᠢᠨ ᠵᠦᠶ᠋ᠯᠡᠰ᠎ᠲᠦ ᠠᠭᠤᠰᠭᠠᠵᠤ᠂ ᠠᠵᠢᠯ᠎ᠤᠨ ᠪᠣᠳᠠᠲᠠᠶ᠎ᠳᠤ ᠨᠠᠢᠳᠠᠪᠤᠷᠢᠵᠢᠭᠤᠯᠵᠤ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ ᠎ᠢ ᠦᠨᠡᠨ ᠬᠦ᠌ ᠨᠠᠩ ᠬᠠᠢᠷ᠎ᠠ ᠬᠠᠯᠠᠮᠵᠢ᠎ᠲᠠᠶ᠂ ᠨᠠᠩ ᠪᠠᠲᠤᠯᠠᠭ᠎ᠠ᠎ᠲᠠᠶ ᠪᠣᠯᠭᠠᠵᠤ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠦᠶ᠋ᠯᠡᠴᠢᠯᠡᠭᠡᠨ ᠤ᠋ ᠪᠠᠲᠤᠯᠠᠭ᠎ᠠ᠎ᠶ᠋ᠢᠨ ᠠᠵᠢᠯ ᠎ᠤᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠲᠠᠰᠤᠷᠠᠯᠲᠠ ᠥᠬᠡᠶ ᠠᠬᠢᠭᠤᠯᠤᠨ᠎ᠠ᠃




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号