ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠪᠥᠬᠥ᠌ ᠣᠷᠣᠨ᠎ᠤ ᠥᠪᠡᠷ᠎ᠢ᠎ᠪᠡᠨ ᠬᠦᠴᠦᠷᠬᠡᠭ᠌ᠵᠢᠭᠦᠯᠦᠭ᠌ᠰᠡᠨ ᠵᠢᠱ᠌ᠢᠶᠡᠴᠢ᠎ᠵᠢ ᠪᠤᠯᠭᠤᠭᠠᠨ ᠲᠣᠬᠣᠨᠢᠭᠤᠯᠪᠠ
2026-01-30 15:45:48
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠪᠠᠢᠴᠠᠭᠠᠨ ᠰᠤᠳᠤᠯᠬᠤ ᠳᠤᠭᠤᠢᠯᠠᠩ᠎ᠬᠥᠬᠡᠬᠣᠲᠠ᠎ᠶ᠋ᠢᠨ ᠦᠴᠦᠸᠠᠨ ᠱᠢᠶᠠᠨ᠎ᠳᠤ ᠭᠦᠨᠵᠡᠭᠡᠢᠷᠡᠨ᠂ ᠪᠥᠬᠥ᠌ ᠣᠷᠣᠨ᠎ᠤ ᠥᠪᠡᠷ᠎ᠢ᠎ᠪᠡᠨ ᠬᠦᠴᠦᠷᠬᠡᠭ᠌ᠵᠢᠭᠦᠯᠦᠭ᠌ᠰᠡᠨ ᠵᠢᠱ᠌ᠢᠶᠡᠴᠢ ᠺᠠᠩ ᡁᠢ ᠶᠢᠩ᠎ᠢ ᠪᠣᠯᠭᠣᠭᠠᠨ ᠲᠣᠬᠣᠨᠢᠭᠤᠯᠵᠤ᠂ ᠲᠡᠭᠦᠨ᠎ᠤ ᠪᠡᠶ᠎ᠡ ᠮᠠᠬᠠᠪᠣᠳ᠎ᠤᠨ ᠪᠠᠢᠳᠠᠯ᠂ ᠬᠡᠷ ᠪᠦᠯᠢ᠎ᠶ᠋ᠢᠨ ᠠᠮᠢᠳᠤᠷᠠᠯ᠎ᠤᠨ ᠪᠠᠢᠳᠠᠯ᠂ ᠡᠮᠴᠢᠯᠡᠭᠡᠨ᠎ᠦ ᠪᠠᠲᠤᠯᠠᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢᠨ ᠨᠠᠷᠢᠨ ᠵᠦᠶ᠋ᠯᠡᠰ᠎ᠢ ᠨᠠᠷᠢᠨ ᠤᠢᠯᠠᠭᠠᠬᠤ᠎ᠶᠢᠨ ᠬᠠᠮᠳᠦ ᠲᠤᠬᠤᠨᠢᠭᠤᠯᠭ᠎ᠠ᠎ᠶᠢᠨ ᠮᠦᠩᠬᠦ ᠬᠦᠷᠭᠡᠪᠡ᠃

ᠶᠠᠷᠢᠯᠴᠠᠬᠤ ᠳᠤᠮᠳᠠ᠂ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠺᠠᠩ ᡁᠢ ᠶᠢᠩ ᠵᠢᠴᠢ ᠲᠡᠳᠡᠨ᠎ᠦ ᠭᠡᠷ᠎ᠦᠨ ᠬᠥᠮᠦᠰ᠎ᠢ ᠢᠮᠠᠭ᠍ᠲᠠ ᠢᠳᠡᠪᠬᠢᠲᠡᠢ ᠪᠠᠶᠠᠰᠤᠩᠭᠤᠢ ᠣᠪᠣᠷ᠎ᠢᠶᠠᠷ ᠠᠮᠢᠳᠤᠷᠠᠯ᠎ᠤᠨ ᠥᠷᠢᠰᠥᠯᠳᠦᠭᠡᠨ᠎ᠳᠦ ᠵᠣᠷᠢᠭ᠍ᠲᠠᠢ᠎ᠪᠠᠷ ᠬᠠᠨᠳᠤᠵᠤ᠂ ᠰᠥᠷᠭᠡᠦ ᠣᠷᠴᠢᠨ᠎ᠳᠤ ᠠᠮᠢ ᠨᠠᠰᠤᠨ᠎ᠤ ᠭᠡᠷᠡᠯ ᠭᠢᠯᠪᠠᠭ᠎ᠠ᠎ᠪᠠᠨ ᠦᠷᠭᠦᠯᠵᠢᠯᠡᠨ ᠰᠠᠴᠤᠷᠠᠭᠤᠯᠬᠤ᠎ᠶ᠋ᠢ ᠳᠣᠲᠣᠨᠣ᠎ᠪᠠᠷ ᠵᠣᠷᠢᠭ᠍ᠵᠢᠭᠤᠯᠪᠠ᠃ ᠡᠭᠦᠨ᠎ᠦ ᠬᠠᠮᠲᠤ᠂ ᠪᠠᠢᠴᠠᠭᠠᠨ ᠰᠤᠳᠤᠯᠬᠤ ᠳᠤᠭᠤᠢᠯᠠᠩ᠎ᠤᠨ ᠤᠳᠤᠷᠢᠳᠤᠯᠭ᠎ᠠ ᠡᠴᠡ ᠬᠠᠮᠲᠤ ᠶᠠᠪᠤᠭ᠎ᠠ ᠠᠵᠢᠯᠲᠠᠳ ᠲᠠᠭᠠᠨ᠂ ᠶᠠᠳᠠᠭᠤ ᠬᠦᠴᠢᠷᠳᠡᠯᠲᠡᠶ ᠵᠡᠮᠳᠡᠭ᠌ᠴᠦᠳ᠎ᠦᠨ ᠬᠡᠷ ᠪᠦᠯᠢ᠎ᠶ᠋ᠢᠨ ᠬᠥᠳᠡᠯᠦᠩᠭᠦᠶ ᠬᠡᠷᠡᠭ᠌ᠴᠡᠭᠡ ᠱᠠᠭᠠᠷᠳᠠᠯᠭ᠎ᠠ᠎ᠶ᠋ᠢ ᠦᠷᠭᠦᠯᠵᠢᠯᠡᠨ ᠴᠢᠩᠭ᠎ᠠ ᠠᠩᠬᠠᠷᠴᠤ᠌᠂ ᠡᠷᠡᠭᠦᠯᠵᠢᠯ᠎ᠦᠨ ᠦᠶ᠋ᠯᠡᠴᠢᠯᠡᠭᠡ᠂ ᠠᠵᠢᠯ ᠣᠯᠭᠣᠯᠲᠠ᠎ᠶ᠋ᠢᠨ ᠳᠡᠮᠵᠢᠯᠭᠡ᠂ ᠠᠮᠢᠳᠤᠷᠠᠯ᠎ᠤᠨ ᠪᠠᠲᠤᠯᠠᠭ᠎ᠠ ᠵᠡᠷᠭᠡ ᠵᠡᠮᠳᠡᠭ᠌ᠴᠦᠳ᠎ᠲᠦ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠵᠣᠯᠭᠠᠭᠤᠯᠵᠤ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠨ ᠱᠠᠲᠤᠨ᠎ᠳᠤ ᠱᠢᠭᠤᠳ ᠬᠦᠷᠭᠡᠵᠦ᠍᠂ ᠪᠣᠳᠠᠲᠠᠶ᠎ᠳᠤ ᠨᠠᠢᠳᠠᠪᠤᠷᠢᠵᠢᠭᠤᠯᠤᠨ ᠣᠯᠠᠨ ᠲᠦᠮᠡᠨ᠎ᠳᠦ ᠠᠱᠢᠭ ᠬᠦᠷᠲᠡᠭᠡᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ᠍ ᠵᠠᠬᠢᠪᠠ᠃ 

ᠲᠣᠰ ᠤᠳᠠᠭ᠎ᠠ᠎ᠶ᠋ᠢᠨ ᠲᠣᠬᠣᠨᠢᠭᠤᠯᠤᠯ᠎ᠨᠢ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠵᠢᠱ᠌ᠢᠶᠡᠴᠢ᠎ᠶ᠋ᠢ ᠬᠦᠨᠳᠦᠳᠭᠡᠨ ᠬᠠᠯᠠᠮᠵᠢᠯᠠᠵᠤ ᠪᠠᠢᠭ᠎ᠠ ᠶᠠᠪᠤᠳᠠᠯ ᠪᠤᠯᠬᠤ᠎ᠪᠠᠷ ᠪᠠᠷᠠᠬᠤ ᠥᠬᠡᠶ᠂ ᠨᠠᠩ ᠴᠤ᠌ ᠵᠡᠮᠳᠡᠭ᠌ᠴᠦᠳ᠎ᠦᠨ ᠲᠤᠬᠠᠶ ᠭᠦᠨ ᠰᠠᠨᠠᠭᠠᠱᠢᠷᠠᠯ ᠪᠣᠯᠤᠨ᠎ᠠ᠃ ᠲᠤᠰ ᠠᠵᠢᠯᠯᠠᠭ᠎ᠠ ᠨᠢ ᠨᠠᠮ ᠪᠠ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠳᠠᠮᠵᠢᠭᠤᠯᠤᠨ᠂ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠪᠥᠬᠥ᠌ ᠣᠷᠣᠨ᠎ᠤ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠠᠢᠷ᠎ᠠ ᠬᠠᠯᠠᠮᠵᠢ ᠪᠣᠯᠤᠨ ᠬᠦᠴᠦᠨ ᠴᠢᠳᠠᠯ ᠨᠡᠮᠡᠷᠢᠯᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号