ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ ᠤᠢᠯᠠᠭᠠᠬᠰᠠᠨ ᠢ᠋ᠢᠡᠷ᠂ ᠲᠦᠷᠦᠭᠦᠭᠡᠨ᠂ 2025 ᠣᠨ᠎ᠤ 《ᠲᠣᠮᠣ᠌ ᠤᠯᠤᠰ᠎ᠤᠨ ᠤᠷᠠᠨ ᠳᠠᠷᠬᠠᠨ᠎ᠤ ᠣᠨ᠎ᠤ ᠬᠥᠮᠥᠨ》 ᠤ᠋ ᠤᠬᠠᠭᠤᠯᠭ᠎ᠠ᠎ᠶᠢᠨ ᠠᠵᠢᠯᠯᠠᠭ᠎ᠠ ᠢ᠋ᠢᠨ ᠨᠡᠢᠲᠡᠯᠡᠬᠦ ᠶᠤᠰᠤᠯᠠᠯ ᠢ᠋ ᠭᠠᠨᠰᠤ ᠮᠤᠵᠢ᠎ᠶᠢᠨ ᠯᠠᠨᠵᠧᠦ ᠬᠤᠲᠠ᠎ᠳᠦ ᠰᠢᠩᠭᠡᠭᠡᠨ ᠦᠢᠯᠡᠳᠴᠤ᠂ ᠲᠤᠬᠠᠢ᠎ᠶᠢᠨ ᠲᠠᠯᠠᠪᠤᠷ᠎ᠲᠤ 50 ᠵᠢᠱ᠌ᠢᠭᠳᠡᠭᠴᠢ᠎ᠶᠢ ᠨᠡᠢᠲᠡᠯᠡᠪᠡ᠂ ᠡᠭᠦᠨ᠎ᠳᠦ 10 ᠨᠡᠷᠡᠰ ᠣᠨ᠎ᠤ ᠬᠥᠮᠥᠨ ᠵᠢᠴᠢ 40 ᠨᠡᠷᠡᠰ ᠨᠡᠷ᠎ᠡ ᠳᠤᠷᠠᠳᠤᠭᠳᠠᠭᠰᠠᠨ ᠬᠥᠮᠥᠨ ᠪᠠᠭᠲᠠᠵᠠᠢ᠃
ᠥᠪᠥᠷ ᠮᠣᠩᠭᠣᠯ᠎ᠤᠨ ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠪᠠᠲᠤᠯᠠᠨ ᠬᠠᠮᠠᠭᠠᠯᠠᠯᠲᠠ᠎ᠶᠢᠨ ᠠᠵᠢᠯ ᠦᠢᠯᠡᠰ᠎ᠦᠨ ᠬᠡᠯᠲᠡᠰ᠎ᠦᠨ 407 ᠦᠢᠯᠡᠳᠪᠦᠷᠢ᠎ᠶᠢᠨ ᠲᠠᠰᠤᠭ᠎ᠤᠨ ᠲᠡᠷᠭᠡᠨ᠎ᠦ ᠠᠵᠢᠯᠴᠢᠨ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠲᠡᠷᠢᠭᠦᠨ ᠮᠡᠷᠭᠡᠵᠢᠯᠲᠡᠨ ᠵᠸᠩ ᠬᠦᠢ ᠶᠢᠦ ᠰᠤᠩᠭᠤᠬᠲᠠᠪᠠ᠃
ᠲᠣᠰ ᠬᠤᠭᠤᠴᠠᠭᠠᠨ᠎ᠤ ᠠᠵᠢᠯᠯᠠᠭ᠎ᠠ᠎ᠶᠢ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠬᠠᠮᠲᠤᠷᠠᠨ ᠡᠷᠭᠢᠯᠡᠵᠦ᠂ ᠭᠠᠨᠰᠤ ᠮᠤᠵᠢ᠎ᠶᠢᠨ ᠠᠵᠢᠯᠴᠢᠨ᠎ᠤ ᠶᠡᠷᠦᠩᠬᠡᠢ ᠡᠪᠯᠡᠯ ᠳᠠᠭᠠᠭᠠᠴᠢᠯᠠᠨ ᠡᠷᠭᠢᠯᠡᠵᠦ᠂ 2025 ᠣᠨ᠎ᠤ 9 ᠰᠠᠷ᠎ᠠ᠎ᠳᠤ ᠵᠢᠩᠬᠢᠨᠢ᠎ᠪᠡᠷ ᠡᠬᠢᠯᠡᠭᠦᠯᠪᠡ᠃ ᠥᠷᠭᠡᠨ᠎ᠢᠶᠡᠷ ᠲᠠᠨᠢᠯᠴᠠᠭᠤᠯᠬᠤ ᠪᠠ ᠴᠢᠩᠭ᠎ᠠ ᠬᠢᠨᠠᠨ ᠰᠢᠯᠭᠠᠷᠠᠭᠤᠯᠬᠤ᠎ᠪᠠᠷ ᠳᠡᠮᠵᠢᠨ᠂ ᠠᠵᠢᠯᠯᠠᠭ᠎ᠠ᠎ᠶᠢᠨ ᠵᠣᠬᠢᠶᠠᠨ ᠪᠠᠶ᠋ᠢᠭᠤᠯᠬᠤ ᠺᠣᠮᠢᠰ ᠡᠴᠠ ᠵᠢᠱ᠌ᠢᠭᠳᠡᠭᠴᠢ᠎ᠶᠢᠨ ᠲᠥᠯᠥᠭᠡᠯᠡᠬᠦ ᠴᠢᠨᠠᠷ᠂ ᠣᠨ᠎ᠤ ᠴᠢᠨᠠᠷ᠂ ᠣᠯᠠᠨ ᠲᠦᠮᠡᠨ᠎ᠦ ᠰᠠᠭᠤᠷᠢ᠎ᠶᠢ ᠶᠡᠷᠦᠩᠬᠡᠢᠯᠡᠨ ᠪᠣᠳᠣᠯᠬᠢᠯᠠᠵᠤ᠂ ᠡᠴᠦᠰ᠎ᠲᠦ ᠦᠢᠯᠡᠳᠬᠦ ᠦᠢᠯᠡᠰ᠂ ᠰᠠᠨᠰᠠᠷ᠎ᠤᠨ ᠠᠶᠠᠯᠠᠯ᠂ ᠴᠠᠬᠢᠯᠭᠠᠨ ᠬᠦᠴᠦ᠂ ᠵᠠᠮ ᠬᠠᠷᠢᠯᠴᠠᠭ᠎ᠠ᠂ ᠢᠳᠡᠭᠡᠨ᠎ᠦ ᠵᠦᠢᠯ᠂ ᠰᠣᠶᠣᠯ ᠦᠵᠡᠰᠬᠦᠯᠡᠩ ᠵᠡᠷᠭᠡ ᠣᠯᠠᠨ ᠵᠠᠩᠭᠢᠯᠠᠭ᠎ᠠ᠎ᠶᠢᠨ ᠠᠵᠢᠯ ᠲᠥᠷᠥᠯ᠎ᠦᠨ ᠬᠦᠷᠢᠶᠡᠨ᠎ᠤ 50 ᠬᠥᠮᠥᠨ᠎ᠢ ᠲᠣᠭᠲᠠᠭᠠᠵᠠᠢ᠃ ᠲᠡᠳᠡ ᠴᠥᠮ ᠦᠢᠯᠡᠳᠪᠦᠷᠢᠯᠡᠯ᠎ᠦᠨ ᠨᠢᠭᠡᠳᠦᠭᠡᠷ ᠹᠷᠣᠨᠲ᠎ᠢ ᠤᠷᠳᠤ ᠬᠤᠭᠤᠴᠠᠭ᠎ᠠ᠎ᠪᠠᠷ ᠪᠠᠲᠤ ᠰᠠᠬᠢᠵᠤ᠂ ᠥᠪᠡᠷ ᠥᠪᠡᠷ᠎ᠦᠨ ᠬᠦᠷᠢᠶᠡᠨ᠎ᠳᠡᠭᠡᠨ ᠣᠷᠣᠢᠯᠠᠭᠰᠠᠨ ᠤᠷ᠎ᠠ ᠮᠡᠷᠭᠡᠵᠢᠯ᠎ᠦᠨ ᠬᠢᠷᠢ ᠲᠦᠪᠰᠢᠨ᠎ᠲᠠᠢ ᠪᠠᠢᠵᠤ᠂ ᠤᠯᠤᠰ᠎ᠤᠨ ᠴᠢᠬᠤᠯᠠ ᠶᠡᠬᠡ ᠢᠨᠵᠧᠨᠧᠷᠢᠩ᠂ ᠭᠣᠣᠯᠳᠠᠯᠭ᠎ᠠ᠎ᠲᠠᠢ ᠲᠦᠷᠦᠯ ᠵᠦᠢᠯ ᠪᠤᠶᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠣᠭᠣᠮᠲᠠ ᠰᠢᠪᠲᠤᠯᠬᠤ ᠲᠦᠷᠦᠯ ᠵᠦᠢᠯ᠎ᠳᠦ ᠣᠷᠣᠯᠴᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ᠎ᠪᠠᠷ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠪᠠᠢᠨ᠎ᠠ᠃
《ᠲᠣᠮᠣ᠌ ᠤᠯᠤᠰ᠎ᠤᠨ ᠤᠷᠠᠨ ᠲᠠᠷᠬᠠᠨ᠎ᠤ ᠣᠨ᠎ᠤ ᠬᠥᠮᠥᠨ》 ᠤ᠋ ᠤᠬᠠᠭᠤᠯᠭ᠎ᠠ᠎ᠶᠢᠨ ᠠᠵᠢᠯᠯᠠᠭ᠎ᠠ 2018 ᠣᠨ ᠡᠴᠡ ᠡᠬᠢᠯᠡᠵᠦ᠂ ᠡᠳᠦᠭᠡ ᠪᠣᠯᠲᠠᠯ᠎ᠠ ᠨᠢᠭᠡᠨᠲᠡ ᠵᠢᠷᠭᠤᠳᠤᠭᠠᠷ ᠬᠤᠭᠤᠴᠠᠭᠠᠨ᠎ᠤ ᠠᠵᠢᠯᠯᠠᠭ᠎ᠠ᠎ᠶᠢ ᠠᠮᠵᠢᠯᠲᠠ᠎ᠲᠠᠢ ᠥᠷᠨᠢᠭᠦᠯᠵᠦ᠂ ᠭᠤᠤ ᠹᠸᠩ ᠯᠢᠨ ᠵᠡᠷᠭᠡ 60 ᠲᠣᠮᠣ᠌ ᠤᠯᠤᠰ᠎ᠤᠨ ᠤᠷᠠᠨ ᠲᠠᠷᠬᠠᠨ᠎ᠢ ᠰᠣᠩᠭᠣᠨ ᠭᠠᠷᠭᠠᠵᠤ᠂ ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ ᠪᠣᠯᠣᠨ ᠥᠷᠭᠡᠨ ᠤᠯᠠᠨ ᠠᠵᠢᠯᠲᠠᠨ ᠠᠵᠢᠯᠴᠢᠨ᠎ᠤ ᠳᠤᠮᠳᠠ ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠪᠠ᠃ ᠲᠣᠰ ᠬᠤᠭᠤᠴᠠᠭᠠᠨ᠎ᠤ ᠨᠡᠢᠲᠡᠯᠡᠬᠦ ᠶᠣᠰᠣᠯᠠᠯ ᠢ᠋ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶᠠᠨ᠎ᠳᠤ ᠬᠤᠭᠤᠴᠠᠭ᠎ᠠ ᠰᠣᠩᠭᠣᠨ ᠨᠠᠪᠲᠠᠷᠡᠭᠦᠯᠵᠦ᠂ 10 ᠣᠨ᠎ᠤ ᠬᠥᠮᠥᠨ ᠢ᠋ ᠵᠢᠩᠬᠢᠨᠢ᠎ᠪᠡᠷ ᠨᠡᠢᠲᠡᠯᠡᠬᠦ ᠪᠣᠯᠣᠨ᠎ᠠ᠃