《ᠣᠯᠠᠨ᠎ᠢᠶᠠᠷ᠎ᠢᠶᠠᠨ ᠠᠩᠬᠠᠷᠤᠭᠠᠷᠠᠢ᠂ ᠠᠳᠠᠯᠢ ᠪᠤᠰᠤ ᠱᠠᠯᠠ᠎ᠶ᠋ᠢᠨ ᠮᠠᠲ᠋ᠧᠷᠢᠶᠠᠯ᠎ᠢ ᠦᠨᠳᠦᠰᠦᠯᠡᠨ᠂ ᠠᠳᠠᠯᠢ ᠪᠤᠰᠤ ᠴᠡᠪᠡᠷᠯᠡᠬᠦ ᠡᠳ᠋᠎ᠢ ᠰᠣᠩᠭᠣᠵᠤ᠂ ᠴᠡᠪᠡᠷᠯᠡᠬᠦ ᠡᠳ᠋᠎ᠢ ᠤᠰᠤᠨ᠎ᠳᠤ ᠬᠢᠵᠦ᠍ ᠱᠢᠩᠭᠡᠷᠡᠭᠦᠯᠦᠨᠡ ᠁》 ᠣᠢᠷ᠎ᠠ᠎ᠳᠤ᠂ ᠥᠪᠥᠷ ᠮᠣᠩᠭᠣᠯ᠎ᠤᠨ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠳᠤ᠂ ᠪᠣᠯᠪᠠᠰᠤᠷᠠᠯ᠎ᠤᠨ ᠪᠠᠭ᠍ᠰᠢ᠎ᠠᠴᠠ ᠰᠤᠷᠤᠭ᠍ᠴᠢᠳ᠎ᠲᠤ ᠴᠡᠪᠡᠷᠯᠡᠬᠦ ᠠᠷᠭ᠎ᠠ᠎ᠶ᠋ᠢ ᠬᠦᠯᠢᠴᠡᠩᠭᠦᠢ᠎ᠪᠡᠷ ᠲᠠᠢᠯᠪᠤᠷᠢᠯᠠᠨ᠎ᠠ᠃
ᠬᠢᠩᠭᠠᠨ ᠠᠢᠮᠠᠭ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢ ᠦᠨᠳᠦᠰᠦᠯᠡᠵᠦ᠂ 《ᠮᠢᠩᠭᠠᠨ ᠠᠲᠠᠯ ᠠᠬᠤᠶ᠎ᠶ᠋ᠢᠨ ᠠᠵᠢᠯᠲᠠᠨ》 ᠬᠥᠮᠦᠵᠢᠭᠦᠯᠬᠦ᠌ ᠲᠥᠯᠥᠪᠯᠡᠭᠡ᠎ᠶ᠋ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ 《ᠳᠣᠭᠢᠷᠠᠭᠤᠯᠤᠨ ᠬᠦᠷᠭᠡᠬᠦ᠌ ᠮᠠᠶᠢᠭ》᠂ 《ᠵᠠᠬᠢᠶᠠᠯᠠᠭ᠎ᠠ᠎ᠶ᠋ᠢᠨ ᠮᠠᠶᠢᠭ》 ᠤ᠋ᠨ ᠦᠶ᠋ᠯᠡᠴᠢᠯᠡᠭᠡ᠎ᠶ᠋ᠢ ᠬᠡᠷᠡᠭ᠌ᠵᠢᠭᠦᠯᠦᠨ᠂ 《ᠬᠢᠴᠢᠶᠡᠯ ᠬᠦᠷᠭᠡᠵᠦ᠍ ᠬᠥᠳᠡᠭᠡ ᠪᠠᠭᠤᠯᠭᠠᠬᠤ》᠂ 《ᠰᠤᠷᠭᠠᠭᠤᠯᠢ᠎ᠳᠤ ᠣᠷᠣᠵᠤ ᠠᠵᠤ ᠠᠬᠤᠢᠯᠠᠯ᠎ᠳᠤ ᠦᠶ᠋ᠯᠡᠴᠢᠯᠡᠬᠦ᠌》 ᠵᠡᠷᠭᠡ ᠠᠷᠭ᠎ᠠ ᠬᠡᠯᠪᠡᠷᠢ ᠪᠠᠷ ᠭᠤᠤᠯᠳᠠᠯᠭ᠎ᠠ᠎ᠲᠠᠶ ᠪᠦᠯᠬᠦᠮ ᠨᠠᠢᠲᠠ ᠳ᠋ᠤ ᠨᠥᠬᠥᠪᠥᠷᠢ᠎ᠶ᠋ᠢᠨ ᠴᠢᠨᠠᠷᠲᠠᠶ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ ᠤ᠋ᠨ ᠪᠣᠯᠪᠠᠰᠤᠷᠠᠯ᠎ᠢ ᠶᠡᠬᠡ ᠪᠡᠷ ᠥᠷᠨᠢᠭᠦᠯᠪᠡ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠲᠤ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ ᠤ᠋ᠨ ᠪᠣᠯᠪᠠᠰᠤᠷᠠᠯ᠎ᠤᠨ ᠠᠩᠭᠢ᠎ᠶ᠋ᠢ 170 ᠬᠤᠭᠤᠴᠠᠭ᠎ᠠ ᠥᠷᠨᠢᠭᠦᠯᠵᠦ᠍᠂ ᠨᠡᠢᠲᠡ 6701 ᠰᠣᠷᠣᠭ᠍ᠴᠢ᠎ᠳᠤ ᠠᠱᠢᠭ ᠬᠦᠷᠲᠡᠭᠡᠪᠡ᠃
2025 ᠣᠨ᠎ᠳᠤ ᠬᠢᠩᠭᠠᠨ ᠠᠢᠮᠠᠭ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠲᠥᠷᠥᠯ ᠬᠤᠪᠢᠶᠠᠨ ᠵᠢᠯᠣᠭᠣᠳᠴᠤ᠌᠂ ᠪᠣᠯᠪᠠᠰᠤᠷᠠᠯ᠎ᠤᠨ ᠪᠠᠢᠭᠤᠯᠤᠮᠵᠢ ᠪᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠳᠦ ᠵᠣᠯᠭᠠᠭᠤᠯᠬᠤ ᠲᠠᠪᠴᠠᠩ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠬᠤ᠎ᠶ᠋ᠢᠨ ᠬᠠᠮᠲᠤ᠂ ᠰᠤᠷᠭᠠᠭᠤᠯᠢ᠎ᠶ᠋ᠢᠨ ᠬᠦᠷᠢᠶᠡᠨ᠎ᠦ ᠤᠷᠢᠵᠤ ᠡᠯᠰᠡᠬᠦ᠌ ᠭᠤᠤᠯ ᠠᠷᠭ᠎ᠠ ᠵᠠᠮ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠡᠯ᠎ᠡ ᠬᠥᠮᠦᠨ ᠬᠡᠷᠡᠭ᠌ᠯᠡᠬᠦ᠌ ᠨᠢᠭᠡᠴᠢ᠎ᠳᠦ ᠴᠢᠨᠠᠷ ᠰᠠᠢᠲᠠᠶ ᠥᠨᠳᠥᠷ ᠪᠦᠲᠦᠮᠵᠢᠲᠡᠶ ᠴᠢᠳᠠᠪᠤᠷᠢᠲᠠᠨ᠎ᠤ ᠨᠠᠷᠢᠯᠢᠭ ᠤᠨᠤᠴᠠᠲᠠᠢ ᠦᠶ᠋ᠯᠡᠴᠢᠯᠡᠭᠡ ᠬᠠᠩᠭᠠᠵᠠᠢ᠃