ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠠᠬᠠᠮᠠᠳ ᠺᠠᠳ᠋ᠷ᠎ᠤᠨ ᠲᠣᠪᠴᠢᠶ᠎ᠠ ᠲᠣᠬᠣᠨᠢᠭᠤᠯᠬᠤ ᠠᠵᠢᠯ ᠥᠷᠨᠢᠭᠦᠯᠪᠡ
2026-01-30 15:54:27
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠠᠬᠠᠮᠠᠳ ᠺᠠᠳ᠋ᠷ᠎ᠤᠨ ᠲᠣᠪᠴᠢᠶ᠎ᠠ᠎ᠶ᠋ᠢᠨ ᠪᠠᠢᠴᠠᠭᠠᠨ ᠰᠤᠳᠤᠯᠬᠤ ᠳᠤᠭᠤᠢᠯᠠᠩ ᠲᠦᠩᠯᠢᠶᠣᠤ ᠬᠣᠲᠠ᠎ᠳᠤ ᠬᠦᠷᠴᠦ᠍᠂ ᠪᠥᠬᠥ᠌ ᠤᠯᠤᠰ᠎ᠤᠨ ᠠᠵᠢᠯ᠎ᠠᠴᠠ᠎ᠪᠠᠨ ᠳᠠᠷᠬᠠᠯᠠᠭ᠍ᠳᠠᠬᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠲᠡᠷᠢᠭᠦᠨ᠎ᠦ ᠬᠤᠪᠢ ᠬᠥᠮᠦᠨ᠎ᠦ ᠲᠥᠯᠥᠭᠡᠯᠡᠭ᠌ᠴᠢ᠎ᠶ᠋ᠢ ᠪᠤᠯᠭᠤᠭᠠᠨ ᠲᠣᠬᠣᠨᠢᠭᠤᠯᠪᠠ᠃ 

ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠪᠦᠬᠦ᠌ ᠤᠯᠤᠰ᠎ᠤᠨ ᠠᠵᠢᠯ᠎ᠠᠴᠠ᠎ᠪᠠᠨ ᠳᠠᠷᠬᠠᠯᠠᠭ᠍ᠳᠠᠬᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠲᠡᠷᠢᠭᠦᠨ᠎ᠦ ᠬᠤᠪᠢ ᠬᠥᠮᠦᠨ ᠹᠸᠩ ᠵᠠᠨ ᠷᠦᠩ᠎ᠤᠨ ᠭᠡᠷ᠎ᠲᠦ ᠬᠦᠷᠴᠦ᠍᠂ ᠲᠡᠭᠦᠨ᠎ᠦ ᠪᠡᠶ᠎ᠡ ᠮᠠᠬᠠᠪᠤᠳ᠎ᠤᠨ ᠪᠠᠢᠳᠠᠯ᠂ ᠠᠮᠢᠳᠤᠷᠠᠯ᠎ᠤᠨ ᠪᠠᠢᠳᠠᠯ ᠪᠣᠯᠤᠨ ᠪᠣᠳᠠᠲᠠᠢ ᠬᠡᠷᠡᠭ᠌ᠴᠡᠭᠡ᠎ᠶ᠋ᠢ ᠬᠠᠯᠠᠮᠵᠢᠯᠠᠨ ᠠᠰᠠᠭᠤᠵᠤ᠂ ᠲᠡᠭᠦᠨ᠎ᠳᠦ ᠵᠣᠬᠢᠶᠠᠨ ᠪᠠᠢᠭᠤᠯᠤᠯᠲᠠ᠎ᠶ᠋ᠢᠨ ᠳᠣᠲᠣᠨᠣ ᠬᠠᠯᠠᠮᠵᠢᠯᠠᠯ ᠪᠣᠯᠤᠨ ᠴᠢᠩ ᠰᠡᠳᠭᠢᠯ᠎ᠦᠨ ᠮᠡᠨᠳᠦᠴᠢᠯᠡᠯ᠎ᠢ ᠳᠠᠮᠵᠢᠭᠤᠯᠪᠠ᠃ ᠹᠧᠩ ᠵᠠᠨ ᠷᠦᠩ ᠡᠴᠡ ᠲᠡᠭᠦᠨ᠎ᠦ ᠬᠥᠷᠰᠢ ᠵᠡᠷᠭᠡᠯᠡᠳᠡᠭᠡ᠎ᠪᠡᠨ ᠬᠠᠪᠰᠤᠷᠤᠬᠰᠠᠨ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠦᠭ᠌ᠰᠡᠨ ᠰᠡᠳᠭᠢᠯ᠎ᠢ ᠳᠤᠯᠠᠭᠠᠴᠠᠭᠤᠯᠤᠭ᠍ᠰᠠᠨ ᠥᠯᠢᠭᠡᠷ ᠵᠢᠡᠨ ᠤᠯᠠᠨ ᠲᠠᠢ ᠬᠤᠪᠢᠶᠠᠯᠴᠠᠪᠠ᠃ ᠪᠠᠢᠴᠠᠭᠠᠨ ᠰᠤᠳᠤᠯᠬᠤ ᠳᠤᠭᠤᠢᠯᠠᠩ ᠡᠴᠡ᠂ ᠠᠬᠠᠮᠠᠳ ᠨᠥᠬᠥᠳ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠬᠠᠯᠠᠮᠵᠢᠯᠠᠨ ᠲᠡᠮᠵᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠢᠳᠡᠪᠬᠢᠲᠡᠢ᠎ᠪᠡᠷ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠨ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠠᠯᠭ᠎ᠠ ᠪᠠᠨ ᠭᠦᠨᠵᠡᠭᠡᠢᠷᠡᠭᠦᠯᠵᠦ᠍᠂ ᠥᠭᠡᠷᠡᠴᠢᠯᠡᠯᠲᠡ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠶ᠋ᠢ ᠬᠦᠰᠡᠵᠦ ᠪᠠᠢᠨ᠎ᠠ ᠬᠡᠪᠡ᠃ 

ᠹᠸᠩ ᠵᠠᠨ ᠷᠦᠩ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠴᠡᠭᠡᠵᠢᠯᠡᠵᠦ᠍᠂ ᠤᠯᠤᠰ ᠲᠦᠷᠦ᠍᠎ᠶ᠋ᠢᠨ ᠤᠤᠷ ᠴᠢᠨᠠᠷ᠎ᠢᠶᠠᠨ ᠡᠭᠦᠷᠢᠳᠡ ᠪᠠᠲᠤᠯᠠᠵᠤ᠂ ᠪᠦᠬᠦ᠌ ᠣᠷᠣᠨ ᠪᠣᠯᠤᠨ ᠪᠦᠬᠦ᠌ ᠬᠤᠳᠠ᠎ᠶ᠋ᠢᠨ ᠡᠯ᠎ᠡ ᠵᠦᠢᠯ᠎ᠦᠨ ᠠᠵᠢᠯ ᠦᠢᠯᠡᠰ᠎ᠦᠨ ᠪᠦᠳᠦᠭᠡᠨ ᠪᠠᠢᠭᠤᠯᠤᠯᠲᠠ᠎ᠳᠤ ᠦᠷᠬᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ 《ᠪᠤᠭᠤᠷᠤᠯᠴᠤᠳ ᠬᠦᠴᠦᠨ ᠴᠢᠳᠠᠯ》 ᠵᠢᠡᠨ ᠡᠷᠭᠦᠨ᠎ᠡ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号