《ᠳᠤᠮᠳᠠᠳᠤ ᠤᠯᠤᠰ᠎ᠤᠨ ᠰᠦᠯᠵᠢᠶᠡᠨ᠎ᠤ ᠦᠯᠢᠭᠡᠷ·ᠰᠡᠳᠬᠢᠯ ᠳᠣᠭᠳᠣᠯᠤᠭᠤᠯᠤᠭᠰᠠᠨ 2025》 ᠨᠡᠶ᠋ᠢᠲᠡ᠎ᠶᠢᠨ ᠠᠰᠠᠷᠠᠮᠵᠢ᠎ᠶᠢᠨ ᠦᠪᠡᠳᠡᠭᠰᠢ ᠶᠣᠰᠣᠯᠠᠯ ᠵᠢᠴᠢ ᠣᠨ᠎ᠤ ᠱᠠᠩᠨᠠᠯ ᠣᠯᠭᠣᠬᠤ ᠶᠣᠰᠣᠯᠠᠯ ᠪᠡᠭᠡᠵᠢᠩ᠎ᠳᠦ ᠶᠠᠪᠤᠭᠳᠠᠪᠠ
2026-01-30 17:12:21
ᠵᠣᠬᠢᠶᠠᠭ᠍ᠴᠢ᠄
​ᠴᠧᠨ ᠵᠥᠩ ᠬᠤᠤ
ᠣᠩᠱᠢᠭ᠍ᠰᠠᠨ ᠣᠳᠠᠭ᠎ᠠ᠄
★★★☆☆

ᠰᠢᠨᠬᠤᠸᠠ ᠬᠣᠷᠢᠶ᠎ᠠ᠎ᠡᠴᠡ ᠭᠣᠣᠯᠯᠠᠨ ᠡᠷᠭᠢᠯᠡᠭᠰᠡᠨ 《ᠳᠤᠮᠳᠠᠳᠤ ᠤᠯᠤᠰ᠎ᠤᠨ ᠰᠦᠯᠵᠢᠶᠡᠨ᠎ᠤ ᠦᠯᠢᠭᠡᠷ·ᠰᠡᠳᠬᠢᠯ ᠳᠣᠭᠳᠣᠯᠤᠭᠤᠯᠤᠭᠰᠠᠨ 2025》 ᠨᠡᠶ᠋ᠢᠲᠡ᠎ᠶᠢᠨ ᠠᠰᠠᠷᠠᠮᠵᠢ᠎ᠶᠢᠨ ᠦᠪᠡᠳᠡᠭᠰᠢ ᠶᠣᠰᠣᠯᠠᠯ ᠵᠢᠴᠢ ᠣᠨ᠎ᠤ ᠱᠠᠩᠨᠠᠯ ᠣᠯᠭᠣᠬᠤ ᠶᠣᠰᠣᠯᠠᠯ 28᠎ᠤ᠋ ᠡᠳᠦᠷ ᠪᠡᠭᠡᠵᠢᠩ᠎ᠳᠦ ᠶᠠᠪᠤᠭᠳᠠᠵᠤ᠂ ᠠᠵᠢᠯᠯᠠᠭ᠎ᠠ᠎ᠳᠤ 《ᠳᠤᠮᠳᠠᠳᠤ ᠤᠯᠤᠰ᠎ᠤᠨ ᠰᠦᠯᠵᠢᠶᠡᠨ᠎ᠤ ᠦᠯᠢᠭᠡᠷ·ᠰᠡᠳᠬᠢᠯ ᠳᠣᠭᠳᠣᠯᠤᠭᠤᠯᠤᠭᠰᠠᠨ 2025》 ᠵᠢᠨ ᠰᠦᠯᠵᠢᠶ᠎ᠡ ᠪᠡᠷ ᠨᠡᠷ᠎ᠡ ᠠᠯᠳᠠᠷᠰᠢᠭᠰᠠᠨ ᠠᠷᠪᠠᠨ ᠬᠥᠮᠥᠨ᠎ᠤ ᠨᠡᠷᠡᠰ᠎ᠢ ᠨᠡᠢᠲᠡᠯᠡᠪᠡ᠃

《ᠳᠤᠮᠳᠠᠳᠤ ᠤᠯᠤᠰ᠎ᠤᠨ ᠰᠦᠯᠵᠢᠶᠡᠨ᠎ᠤ ᠦᠯᠢᠭᠡᠷ·ᠰᠡᠳᠬᠢᠯ ᠳᠣᠭᠳᠣᠯᠤᠭᠤᠯᠤᠭᠰᠠᠨ 2025》 ᠵᠢᠨ ᠰᠦᠯᠵᠢᠶ᠎ᠠ ᠪᠡᠷ  ᠨᠡᠷ᠎ᠡ ᠠᠯᠳᠠᠷᠰᠢᠭᠰᠠᠨ ᠠᠷᠪᠠᠨ ᠬᠥᠮᠥᠰ᠎ᠲᠦ᠄ ᠭᠣᠪᠢ᠎ᠶᠢᠨ 《ᠬᠢᠯᠢ ᠬᠢᠵᠠᠭᠠᠷ᠎ᠢ ᠰᠠᠬᠢᠭ᠍ᠰᠠᠨ ᠡᠵᠢ》 ᠣᠶᠤᠨᠴᠢᠮᠡᠭ᠂ 《ᠪᠠᠴᠢᠮ ᠠᠪᠤᠷᠠᠨ ᠲᠤᠰᠠᠯᠠᠭᠴᠢ ᠪᠠᠭᠠᠲᠤᠷ》 ᠱᠢ ᠰᠢᠨ᠂ 《ᠮᠣᠷᠢᠨ ᠨᠢᠷᠤᠭᠤᠨ ᠳᠡᠭᠡᠷᠡᠬᠢ ᠣᠶ ᠰᠢᠭᠤᠢ᠎ᠶᠢᠨ ᠰᠠᠬᠢᠨ ᠬᠠᠮᠠᠭᠠᠯᠠᠭ᠍ᠴᠢ》 ᠯᠢ ᠳ᠋ᠦᠩ ᠺᠦᠢ᠂ ᠲᠠᠢ ᠬᠠᠩ ᠱᠠᠨ ᠠᠭᠤᠯᠠᠨ᠎ᠤ ᠭᠦᠨ᠎ᠳᠡᠬᠢ《ᠳᠤᠮᠳᠠᠳᠤ ᠤᠯᠤᠰ᠎ᠤᠨ ᠰᠠᠢᠨ ᠬᠥᠷᠰᠢ》ᠬᠤᠸᠠᠩ ᠶᠠ ᠭᠸᠦ ᠲᠣᠰᠬᠣᠨ᠎ᠤ ᠠᠷᠠᠳ᠂ 《ᠦᠷᠦᠬᠡᠰᠦᠨ ᠭᠠᠷ ᠲᠠᠢ ᠣᠩᠭᠣᠨ ᠰᠠᠬᠢᠭ᠍ᠴᠢ》 ᠼᠠᠢ ᠧᠨ ᠺᠦᠨ᠂ ᠲᠣᠰᠬᠣᠨ᠎ᠤ 《ᠡᠮ᠎ᠦᠨ ᠬᠠᠢᠷᠴᠠᠭᠲᠦ ᠮᠣᠷᠢᠲᠠᠨ ᠪᠠᠭᠠᠲᠤᠷ》 ᠸᠠᠩ ᠵᠢᠦᠢ᠂ 《ᠳᠡᠯᠡᠬᠡᠢ ᠳ᠋ᠠᠬᠢᠨ᠎ᠳᠤ ᠬᠡᠷᠡᠯ ᠨᠡᠮᠡᠷᠢᠯᠡᠭᠰᠡᠨ》 ᠬᠠᠷᠠᠭ᠎ᠠ ᠦᠭᠡᠢ ᠬᠥᠭᠵᠢᠮᠴᠢᠨ ᠳᠠᠸᠠᠰᠸᠷᠠᠩ᠂ 《ᠯᠧᠢ ᠹᠧᠩ ᠰᠠᠯᠪᠤᠷᠢ ᠵᠢᠨ ᠳᠠᠷᠤᠭ᠎ᠠ》 ᠯᠢᠦ ᠫᠧᠩ᠂ 《ᠦᠳᠡᠯᠦᠬᠡ ᠨᠠᠰᠤᠳᠠᠳ᠎ᠢ ᠬᠠᠢᠷ᠎ᠠ ᠪᠡᠷ ᠲᠤᠯᠠᠭᠠᠴᠠᠭᠤᠯᠤᠬᠰᠠᠨ ᠶᠡᠷᠡᠭᠡᠳ ᠣᠨ᠎ᠳᠤ ᠲᠥᠷᠥᠭᠰᠡᠨ ᠠᠰᠠᠷᠠᠨ ᠰᠤᠪᠢᠯᠠᠬᠤ ᠬᠦᠷᠢᠶᠡᠯᠡᠩ᠎ᠤᠨ ᠳᠠᠷᠤᠭ᠎ᠠ》 ᠭᠠᠯᠰᠠᠨᠭᠸᠠᠨᠭᠮᠦ᠂ 《ᠨᠢᠭᠤᠷ᠎ᠢᠶᠠᠨ ᠪᠦᠲᠡᠭᠡᠭᠰᠡᠨ ᠬᠢᠯᠢ ᠵᠢᠨ ᠪᠠᠭᠠᠲᠤᠷ》 ᠠᠨ ᠰᠢᠶᠣᠣ ᠬᠤᠸᠠ ᠵᠡᠷᠬᠡ ᠬᠦᠮᠦᠰ ᠪᠤᠢ᠃

ᠤᠨ᠎ᠤ ᠠᠷᠪᠠᠨ ᠶᠡᠬᠡ ᠰᠦᠯᠵᠢᠶ᠎ᠡ ᠪᠡᠷ ᠨᠡᠷ᠎ᠡ ᠠᠯᠳᠠᠷᠰᠢᠭᠰᠠᠨ ᠬᠥᠮᠥᠨ᠎ᠢ ᠣᠯᠠᠨ ᠨᠡᠶ᠋ᠢᠲᠡ᠎ᠶᠢᠨ ᠰᠦᠯᠵᠢᠶᠡᠨ ᠳᠡᠭᠡᠷ᠎ᠡ ᠪᠢᠯᠧᠲ ᠥᠭᠬᠦ ᠪᠠ ᠲᠤᠰᠬᠠᠢ ᠮᠡᠷᠭᠡᠵᠢᠯᠲᠡᠨ᠎ᠦ ᠠᠬᠤᠢ ᠲᠠᠯᠠᠪᠠᠢ᠎ᠳᠦ ᠬᠢᠨᠠᠨ ᠰᠢᠯᠭᠠᠷᠠᠭᠤᠯᠬᠤ᠎ᠶᠢ ᠤᠶᠠᠯᠳᠤᠭᠤᠯᠤᠭᠰᠠᠨ ᠰᠢᠯᠭᠠᠷᠠᠭᠤᠯᠤᠨ ᠰᠣᠩᠭᠣᠬᠤ ᠬᠡᠯᠪᠡᠷᠢ᠎ᠪᠡᠷ ᠰᠣᠩᠭᠣᠨ ᠭᠠᠷᠭᠠᠪᠠ᠃ ᠡᠳᠡᠬᠡᠷ ᠬᠦᠮᠦᠰ ᠪᠤᠯ ᠰᠤᠷᠭᠠᠨ ᠬᠥᠮᠦᠵᠢᠯ᠂ ᠡᠮ ᠡᠮᠨᠡᠯᠬᠡ ᠡᠷᠡᠭᠦᠯ ᠬᠠᠮᠠᠭᠠᠯᠠᠯ᠂ ᠦᠨᠳᠦᠰᠦᠨ ᠱᠠᠲᠤᠨ᠎ᠤ ᠵᠠᠰᠠᠯᠲᠠ᠂ ᠣᠯᠠᠨ ᠨᠡᠶ᠋ᠢᠲᠡ᠎ᠶᠢᠨ ᠠᠮᠤᠷ ᠲᠦᠪᠰᠢᠨ ᠵᠡᠷᠭᠡ ᠠᠵᠢᠯ ᠲᠥᠷᠥᠯ᠎ᠳᠦ ᠬᠣᠯᠪᠣᠭᠳᠠᠵᠤ᠂ ᠦᠨᠡᠨᠴᠢ ᠢᠲᠡᠭᠡᠮᠵᠢᠲᠡᠢ᠎ᠪᠡᠷ ᠠᠮᠠᠯᠠᠯᠲᠠ᠎ᠪᠠᠨ ᠬᠦᠢᠴᠡᠳᠬᠡᠭᠰᠡᠨ ᠡᠭᠡᠯ ᠵᠢᠷ᠎ᠦᠨ ᠬᠥᠮᠥᠨ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠭᠰᠠᠳ᠂ ᠡᠮᠦᠨ᠎ᠡ ᠹᠷᠣᠨᠲ᠎ᠲᠤ ᠦᠨᠳᠦᠰᠦᠯᠡᠭᠰᠡᠨ ᠰᠠᠬᠢᠨ ᠬᠠᠮᠠᠭᠠᠯᠠᠭ᠍ᠴᠢ᠂ ᠵᠠᠩᠭᠢᠯᠠᠭ᠎ᠠ᠎ᠶᠢᠨ ᠦᠶ᠎ᠡ᠎ᠳᠦ ᠴᠡᠭᠡᠵᠢ ᠲᠦᠷᠢᠨ ᠭᠠᠷᠴᠤ ᠢᠷᠡᠭᠰᠡᠨ ᠪᠠᠭᠠᠳᠤᠷ ᠵᠢᠱᠶ᠋ᠶᠡᠴᠢ ᠪᠤᠯᠤᠨ᠎ᠠ᠃ ᠲᠡᠳᠡᠨ᠎ᠤ ᠦᠯᠢᠭᠡᠷ ᠨᠢ ᠡᠭᠡᠯ ᠵᠢᠷ᠎ᠤᠨ ᠠᠮᠢᠳᠤᠷᠠᠯ ᠳᠤᠮᠳᠠ ᠡᠴᠡ ᠢᠷᠡᠯᠲᠡ᠎ᠲᠠᠢ᠂ ᠪᠣᠳᠠᠲᠤ ᠠᠬᠤᠢ᠎ᠳᠦ ᠦᠨᠳᠦᠰᠦᠯᠡᠵᠦ᠂ ᠨᠡᠢᠭᠡᠮ᠎ᠦᠨ ᠬᠠᠯᠠᠭᠤᠨ ᠳᠤᠯᠠᠭᠠᠨ᠎ᠢ ᠳᠠᠮᠵᠢᠭᠤᠯᠵᠤ ᠪᠠᠢᠬᠤ ᠪᠥᠭᠡᠳ ᠪᠠᠰᠠ ᠴᠠᠭ ᠦᠶ᠎ᠡ᠎ᠶᠢᠨ ᠬᠠᠢᠷ᠎ᠠ ᠬᠠᠯᠠᠮᠵᠢ ᠵᠢ ᠲᠤᠰᠬᠠᠵᠤ᠂ ᠤᠳᠤ ᠦᠶ᠎ᠡ᠎ᠶᠢᠨ ᠳᠤᠮᠳᠠᠳᠤ ᠤᠯᠤᠰ᠎ᠤᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠠᠵᠢᠭ᠍ᠯᠠᠬᠤ ᠠᠮᠢᠳᠤᠯᠢᠭ᠋ ᠲᠠᠢᠯᠪᠤᠷᠢ ᠪᠣᠯᠤᠭᠰᠠᠨ ᠪᠠᠢᠨ᠎ᠠ᠃

《ᠳᠤᠮᠳᠠᠳᠤ ᠤᠯᠤᠰ᠎ᠤᠨ ᠰᠦᠯᠵᠢᠶᠡᠨ᠎ᠤ ᠦᠯᠢᠭᠡᠷ·ᠰᠦᠯᠵᠢᠶᠡᠨ᠎ᠦ ᠰᠡᠳᠬᠢᠯ ᠳᠣᠭᠳᠣᠯᠤᠭᠤᠯᠤᠭᠰᠠᠨ ᠬᠥᠮᠥᠰ᠎ᠢ ᠰᠢᠯᠭᠠᠷᠠᠭᠤᠯᠬᠤ ᠠᠵᠢᠯᠯᠠᠭ᠎ᠠ》ᠶ᠋ᠢ ᠰᠢᠨᠬᠤᠸᠠ ᠬᠣᠷᠢᠶ᠎ᠠ 2010 ᠣᠨ᠎ᠡᠴᠡ ᠡᠬᠢᠯᠡᠭᠦᠯᠵᠦ᠂ ᠰᠢᠨᠬᠤᠸᠠ ᠰᠦᠯᠵᠢᠶ᠎ᠡ᠂ ᠰᠢᠨᠬᠤᠸᠠ ᠬᠣᠷᠢᠶ᠎ᠡ 《ᠳᠤᠮᠳᠠᠳᠤ ᠤᠯᠤᠰ᠎ᠤᠨ ᠰᠦᠯᠵᠢᠶᠡᠨ᠎ᠤ ᠦᠯᠢᠭᠡᠷ》 ᠪᠤᠯᠤᠩ᠎ᠢ ᠳᠠᠭᠠᠭᠠᠴᠢᠯᠠᠨ ᠡᠷᠬᠢᠯᠡᠵᠦ᠂ ᠨᠢᠭᠡᠨᠲᠡ ᠠᠷᠪᠠᠨ ᠲᠠᠪᠤᠨ ᠬᠤᠭᠤᠴᠠᠭ᠎ᠠ ᠶᠠᠪᠤᠭᠳᠠᠭᠤᠯᠵᠤ᠂ ᠤᠯᠤᠰ᠎ᠤᠨ ᠳᠣᠲᠣᠭᠠᠳᠤ᠎ᠶᠢᠨ ᠠᠩᠬᠠᠳᠠᠭ᠍ᠴᠢ ᠡᠭᠡᠯ ᠠᠷᠠᠳ᠎ᠢᠶᠠᠷ ᠰᠢᠯᠭᠠᠷᠠᠭᠤᠯᠬᠤ ᠡᠲᠡᠭᠡᠳ᠎ᠢᠶᠡᠨ ᠪᠣᠯᠭᠠᠵᠤ᠂ ᠰᠦᠯᠵᠢᠶᠡᠨ᠎ᠦ ᠢᠷᠭᠡᠳ᠎ᠢ ᠣᠷᠣᠯᠴᠠᠭᠤᠯᠬᠤ ᠰᠦᠯᠵᠢᠶᠡᠨ᠎ᠦ ᠨᠡᠶ᠋ᠢᠲᠡ᠎ᠶᠢᠨ ᠠᠰᠠᠷᠠᠮᠵᠢ᠎ᠶᠢᠨ ᠲᠦᠷᠦᠯ ᠲᠡᠮᠳᠡᠭ ᠪᠤᠯᠤᠬᠰᠠᠨ ᠠᠵᠢᠯᠯᠠᠭ᠎ᠠ ᠪᠣᠯᠣᠨ᠎ᠠ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 28᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号