ᠴᠠᠭᠠᠨ ᠰᠠᠷ᠎ᠠ ᠣᠶ᠋ᠢᠷᠠᠳᠤᠬᠤ ᠪᠡᠷ ᠬᠤᠸᠠᠷ ᠫᠤᠤᠵᠢᠩ ᠤᠨ ᠲᠡᠭᠡᠭᠡᠪᠦᠷᠢ ᠣᠷᠭᠢᠯ ᠦᠶ᠎ᠡ᠎ᠳᠡᠭᠡᠨ ᠣᠷᠣᠵᠤ᠂ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ ᠵᠢᠨ ᠵᠠᠩᠭᠢᠯᠠᠭ᠎ᠠ᠎ᠶᠢᠨ ᠴᠠᠭ ᠬᠦᠷᠴᠤ ᠢᠷᠡᠪᠡ᠃ ᠳᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ 《ᠴᠠᠭᠠᠨ ᠰᠠᠷ᠎ᠠ᠎ᠶᠢᠨ ᠵᠥᠭᠡᠭᠡᠪᠦᠷᠢ ᠴᠠᠭᠠᠨ ᠰᠠᠷ᠎ᠠ᠎ᠶᠢᠨ ᠡᠮᠦᠨ᠎ᠡ ᠬᠣᠢᠨᠠᠬᠢ ᠬᠤᠸᠠᠷ ᠫᠤᠤᠵᠢᠩ ᠤᠨ ᠠᠮᠤᠷ ᠲᠦᠪᠰᠢᠨ ᠦ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠴᠢᠩᠭᠠᠳᠬᠠᠬᠤ ᠲᠤᠬᠠᠢ ᠮᠡᠳᠡᠭᠳᠡᠯ 》 (ᠳᠣᠷᠣᠭ᠍ᠰᠢ 《ᠮᠡᠳᠡᠭᠳᠡᠯ》 ᠭᠡᠵᠦ ᠲᠣᠪᠴᠢᠯᠠᠨ᠎ᠠ) ᠳᠠᠷᠤᠮᠠᠯᠯᠠᠨ ᠲᠠᠷᠬᠠᠭᠠᠵᠤ᠂ ᠬᠤᠸᠠᠷ ᠫᠤᠤᠵᠢᠩ᠎ᠤᠨ ᠨᠣᠴᠣᠮᠠᠲᠠᠭᠠᠢ ᠳᠡᠯᠪᠡᠷᠡᠮᠡᠲᠡᠭᠡᠢ ᠣᠨᠴᠠᠯᠢᠭ᠋᠎ᠢ ᠴᠢᠩᠭ᠎ᠠ ᠠᠳᠬᠤᠨ᠂ ᠲᠡᠭᠡᠭᠡᠪᠦᠷᠢ᠎ᠶᠢᠨ ᠪᠥᠬᠥ ᠶᠠᠪᠤᠴᠠ᠎ᠶᠢᠨ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠪᠠ᠃
《ᠮᠡᠳᠡᠭᠳᠡᠯ》 ᠳᠦ ᠂ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠰᠠᠨᠠᠭᠠᠴᠢᠯᠠᠭ᠎ᠠ᠎ᠡᠴᠡ ᠪᠠᠨ ᠬᠠᠷᠢᠶ᠎ᠠ ᠭᠠᠵᠠᠷ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠠᠢ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠲᠤᠰᠬᠠᠢ ᠵᠦᠢᠯ᠎ᠦᠨ ᠬᠠᠮᠵᠢᠯᠴᠠᠭᠠᠨ ᠤ᠋ ᠲᠣᠭᠲᠠᠴᠠ ᠪᠠᠢᠭᠤᠯᠵᠤ᠂ ᠬᠢᠨᠠᠯᠲᠠ ᠬᠠᠮᠢᠶᠠᠷᠤᠯᠲᠠ᠎ᠶᠢᠨ ᠮᠡᠳᠡᠭᠡ ᠵᠠᠩᠭᠢ ᠵᠢᠴᠢ ᠪᠠᠴᠢᠮ ᠪᠠᠢᠳᠠᠯ᠎ᠢ ᠠᠷᠭᠠᠴᠠᠭᠠᠬᠤ ᠰᠠᠯᠠᠭ᠎ᠠ ᠮᠥᠴᠢᠷ᠎ᠦᠨ ᠵᠥᠪᠰᠢᠶᠡᠷᠡᠭᠰᠡᠨ ᠬᠤᠸᠠᠷ ᠫᠤᠤᠵᠢᠩ ᠪᠥᠭᠡᠮ᠎ᠢᠶᠡᠷ ᠬᠤᠳᠠᠯᠳᠤᠬᠤ ᠪᠠ ᠪᠣᠷᠣᠯᠠᠭᠤᠯᠬᠤ ᠠᠵᠤ ᠠᠬᠤᠢᠯᠠᠯ᠎ᠤᠨ ᠨᠡᠷᠡᠰ᠎ᠦᠨ ᠵᠢᠭ᠍ᠰᠠᠭᠠᠯᠲᠠ᠎ᠶᠢ ᠴᠠᠭ ᠲᠤᠬᠠᠢ ᠳ᠋ᠤᠨᠢ ᠬᠠᠮᠳᠤ ᠪᠡᠷ ᠡᠳ᠋ᠯᠡᠵᠥ᠂ ᠨᠡᠷᠡᠰ᠎ᠦᠨ ᠵᠢᠭ᠍ᠰᠠᠭᠠᠯᠲᠠ᠎ᠪᠠᠷ ᠭᠣᠣᠯᠳᠠᠯᠭ᠎ᠠ ᠪᠠ ᠰᠢᠪᠲᠤᠯᠤᠯᠲᠠ᠎ᠶᠢᠨ ᠴᠡᠭ ᠪᠣᠯᠭᠠᠵᠤ᠂ ᠬᠢᠨᠠᠯᠲᠠ ᠬᠠᠮᠢᠶᠠᠷᠤᠯᠲᠠ᠎ᠶᠢᠨ ᠭᠣᠣᠯᠳᠠᠯᠭ᠎ᠠ᠎ᠶᠢ ᠨᠢ ᠡᠷᠢᠵᠦ᠂ ᠪᠦᠬᠦᠨ᠎ᠢ ᠬᠠᠮᠤᠷᠬᠤ᠎ᠶᠢ ᠪᠡᠶᠡᠯᠡᠭᠦᠯᠬᠦ ᠬᠡᠷᠡᠭᠳᠡᠢ᠃ ᠠᠶᠤᠯᠲᠠᠢ ᠪᠠᠷᠠᠭ᠎ᠠ᠎ᠶᠢᠨ ᠡᠯᠧᠺᠲᠷᠣᠨ ᠲᠡᠭᠡᠭᠡᠪᠦᠷᠢ᠎ᠶᠢᠨ ᠬᠠᠭᠤᠳᠠᠰᠤ᠂ ᠲᠡᠷᠭᠡ ᠬᠥᠰᠬᠡ ᠵᠢᠨ ᠲᠣᠭᠲᠠᠭᠠᠯ᠎ᠳᠤ ᠨᠡᠢᠴᠡᠬᠦ ᠴᠢᠨᠠᠷ᠎ᠤᠨ ᠪᠠᠢᠴᠠᠭᠠᠯᠲᠠ᠂ ᠲᠡᠷᠭᠡ ᠬᠥᠰᠬᠡ᠎ᠶᠢᠨ ᠮᠡᠷᠭᠡᠵᠢᠯ ᠦᠨ ᠲᠠᠩᠰᠠ ᠡᠪᠬᠡᠮᠡᠯ ᠵᠢᠴᠢ ᠡᠬᠡ ᠲᠠᠩᠰᠠ᠎ᠶᠢᠨ ᠬᠢᠨᠠᠯᠲᠠ ᠬᠠᠮᠢᠶᠠᠷᠤᠯᠲᠠ ᠵᠡᠷᠭᠡ ᠳᠤ ᠴᠢᠭᠯᠡᠭᠦᠯᠦᠨ᠂ ᠬᠢᠨᠠᠯᠲᠠ ᠲᠠᠯᠪᠢᠵᠤ ᠪᠠᠢᠴᠠᠭᠠᠬᠤ ᠠᠵᠢᠯ ᠥᠷᠨᠢᠭᠦᠯᠵᠦ᠂ ᠬᠤᠸᠠᠷ ᠫᠤᠤᠵᠢᠩ ᠲᠡᠭᠡᠭᠡᠪᠦᠷᠢᠯᠡᠨ ᠬᠦᠷᠭᠡᠬᠦ᠎ᠶᠢ ᠬᠠᠷᠢᠭᠤᠴᠠᠵᠤ ᠪᠠᠢᠭ᠎ᠠ ᠲᠡᠭᠡᠭᠡᠪᠦᠷᠢ᠎ᠶᠢᠨ ᠠᠵᠤ ᠠᠬᠤᠢᠯᠠᠯ᠎ᠢ ᠱᠠᠯᠠᠪᠳᠠᠭᠤᠯᠵᠤ ᠪᠠᠢᠭᠠᠳ ᠡᠯᠧᠺᠲᠷᠣᠨ ᠲᠡᠭᠡᠭᠡᠪᠦᠷᠢ᠎ᠶᠢᠨ ᠬᠠᠭᠤᠳᠠᠰᠤ᠎ᠶᠢ ᠦᠨᠡᠨ ᠪᠣᠳᠠᠲᠠᠢ ᠪᠦᠷᠢᠨ ᠪᠦᠲᠦᠨ᠎ᠢᠶᠡᠷ ᠲᠠᠭᠯᠠᠨ ᠮᠡᠳᠡᠭᠦᠯᠵᠦ᠂ ᠲᠡᠭᠡᠭᠡᠪᠦᠷᠢ᠎ᠶᠢᠨ ᠮᠡᠳᠡᠭᠡ ᠵᠠᠩᠭᠢ ᠶᠢ ᠮᠥᠷᠳᠡᠵᠦ ᠪᠣᠯᠬᠤ᠂ ᠬᠠᠷᠭᠤᠭᠤᠯᠤᠨ ᠪᠠᠢᠴᠠᠭᠠᠵᠤ ᠪᠣᠯᠬᠤ᠎ᠶᠢ ᠪᠡᠶᠡᠯᠡᠭᠦᠯᠬᠦ ᠬᠡᠷᠡᠭᠳᠠᠢ ᠭᠡᠵᠤ ᠲᠣᠳᠣᠷᠬᠠᠢ ᠲᠣᠭᠲᠠᠭᠠᠪᠠ᠃
ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠲᠠᠯ᠎ᠠ ᠪᠡᠷ᠂ ᠡᠮᠤᠨ᠎ᠡ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠳ ᠠᠯᠢ ᠴᠢᠳᠠᠬᠤ᠎ᠪᠠᠷ 《ᠰᠦᠯᠵᠢᠶᠡᠨ ᠳᠡᠭᠡᠷ᠎ᠡ ᠬᠠᠷᠭᠤᠭᠤᠯᠤᠨ ᠪᠠᠢᠴᠠᠭᠠᠬᠤ + ᠠᠬᠤᠢ ᠳᠠᠯᠠᠪᠠᠢ ᠳ᠋ᠤ ᠰᠤᠭᠤᠴᠢᠨ ᠪᠠᠢᠴᠠᠭᠠᠬᠤ》ᠵᠠᠭᠪᠤᠷ᠎ᠢ ᠬᠡᠷᠡᠭᠵᠢᠬᠦᠯᠵᠤ᠂ ᠲᠡᠭᠡᠭᠡᠪᠦᠷᠢ᠎ᠶᠢᠨ ᠬᠠᠭᠤᠳᠠᠰᠤ᠎ᠶᠢ ᠲᠠᠭᠯᠠᠨ ᠮᠡᠳᠡᠭᠦᠯᠬᠦ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠢ ᠰᠦᠯᠵᠢᠶᠡᠨ ᠳᠡᠬᠡᠷ᠎ᠡ ᠬᠠᠷᠭᠤᠭᠤᠯᠤᠨ ᠪᠠᠢᠴᠠᠭᠠᠵᠤ᠂ ᠲᠡᠭᠡᠭᠡᠪᠦᠷᠢ᠎ᠶᠢᠨ ᠬᠠᠭᠤᠳᠠᠰᠤ ᠬᠢᠭᠡᠳ ᠪᠣᠳᠠᠲᠠᠢ ᠡᠳ᠋ ᠪᠠᠷᠠᠭ᠎ᠠ᠂ ᠲᠡᠷᠭᠡ ᠬᠥᠰᠬᠡ᠎ᠶᠢᠨ ᠮᠡᠳᠡᠭᠡ ᠵᠠᠩᠭᠢ᠎ᠶᠢᠨ ᠨᠢᠭᠡᠳᠦᠯᠲᠦ ᠴᠢᠨᠠᠷ᠎ᠢ ᠠᠬᠤᠢ ᠳᠠᠯᠠᠪᠠᠢ ᠳ᠋ᠤ ᠬᠢᠨᠠᠨ ᠬᠠᠷᠭᠤᠭᠤᠯᠵᠤ᠂ ᠲᠡᠭᠡᠭᠡᠪᠦᠷᠢ᠎ᠶᠢᠨ ᠬᠠᠭᠤᠳᠠᠰᠤ ᠲᠠᠭᠯᠠᠭᠰᠠᠨ ᠦᠭᠡᠢ᠂ ᠬᠤᠳᠠᠯ ᠬᠠᠭᠤᠷᠮᠠᠭ᠎ᠢᠶᠠᠷ ᠲᠠᠭᠯᠠᠨ ᠮᠡᠳᠡᠭᠦᠯᠦᠭᠰᠡᠨ ᠵᠡᠷᠭᠡ ᠬᠠᠤᠯᠢ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠬᠢᠨ ᠲᠦᠷᠭᠡᠨ᠎ᠤ ᠵᠠᠰᠠᠮᠠᠯ ᠵᠠᠮ᠎ᠤᠨ ᠣᠷᠣᠴᠠ ᠭᠠᠷᠴᠠ᠂ ᠦᠢᠯᠡᠴᠢᠯᠡᠭᠡᠨ᠎ᠦ ᠲᠣᠭᠣᠷᠢᠭ᠋ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠳᠦ ᠪᠠᠢᠴᠠᠭᠠᠯᠲᠠ᠎ᠪᠠᠨ ᠴᠢᠩᠭᠠᠳᠬᠠᠵᠤ᠂ ᠴᠡᠭ ᠲᠣᠭᠲᠠᠭᠠᠨ ᠵᠢᠵᠢᠭᠦᠷᠯᠡᠨ ᠰᠠᠬᠢᠬᠤ ᠪᠠ ᠲᠣᠭᠣᠷᠢᠨ ᠪᠠᠢᠴᠠᠭᠠᠬᠤ᠎ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠦᠨᠡᠮᠯᠡᠯ ᠦᠭᠡᠢ᠎ᠪᠡᠷ ᠲᠡᠭᠡᠭᠡᠪᠦᠷᠢᠯᠡᠬᠦ᠂ ᠬᠡᠮᠵᠢᠶ᠎ᠡ᠎ᠡᠴᠡ ᠬᠡᠲᠦᠷᠡᠭᠦᠯᠦᠨ ᠲᠡᠭᠡᠭᠡᠪᠦᠷᠢᠯᠡᠬᠦ᠂ ᠲᠣᠭᠲᠠᠭᠠᠯ᠎ᠳᠤ ᠥᠯᠥ ᠨᠡᠢᠴᠡᠬᠦ ᠲᠡᠷᠭᠡ ᠬᠥᠰᠬᠡ᠎ᠪᠡᠷ ᠲᠡᠭᠡᠭᠡᠪᠦᠷᠢᠯᠡᠬᠦ ᠵᠡᠷᠭᠡ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠲᠡᠭᠡᠭᠡᠪᠦᠷᠢ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠬᠡᠷᠡᠭᠲᠡᠢ ᠭᠡᠵᠦ ᠱᠠᠭᠠᠷᠳᠠᠪᠠ᠃