《ᠬᠠᠬᠢᠷ ᠡᠪᠦᠯ᠎ᠳᠤ ᠬᠠᠯᠠᠭᠤᠨ ᠳᠤᠯᠠᠭᠠᠨ ᠬᠦᠷᠭᠡᠬᠦ》ᠠᠪᠤᠷᠠᠨ ᠲᠤᠰᠠᠯᠠᠬᠤ ᠠᠵᠢᠯᠯᠠᠭ᠎ᠠ ᠦᠷᠨᠢᠬᠦᠯᠵᠤ ᠪᠤᠢ
2026-01-30 11:21:14
ᠵᠣᠬᠢᠶᠠᠭ᠍ᠴᠢ᠄
ᠵᠣᠣ ᠰᠢ ​
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠶᠠᠪᠤᠳᠠᠯ ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ 1 ᠰᠠᠷ᠎ᠠ᠎ᠶᠢᠨ 27 ᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ《ᠬᠠᠬᠢᠷ ᠡᠪᠦᠯ ᠎ᠳᠦ ᠬᠠᠯᠠᠭᠤᠨ ᠳᠤᠯᠠᠭᠠᠨ ᠬᠦᠷᠭᠡᠬᠦ 》 ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠨᠢ ᠬᠦᠴᠢᠷᠳᠡᠯᠲᠡᠢ ᠣᠯᠠᠨ ᠲᠦᠮᠡᠨ ᠎ᠢ ᠨᠡᠶ᠋ᠢᠲᠡ 2809 ᠬᠥᠮᠥᠨ ᠤᠳᠠᠭ᠎ᠠ ᠠᠪᠤᠷᠠᠨ ᠲᠤᠰᠠᠯᠠᠵᠤ᠂ ᠬᠦᠢᠲᠡᠨ᠎ᠡᠴᠡ ᠬᠠᠮᠠᠭᠠᠯᠠᠬᠤ ᠡᠳ᠋ ᠪᠣᠳᠠᠰ᠂ ᠢᠳᠡᠭᠡᠨ ᠎ᠤ ᠵᠦᠢᠯ᠎ᠢ 3397 ᠬᠤᠪᠢ ᠲᠠᠷᠬᠠᠭᠠᠵᠤ᠂ ᠲᠦᠷ ᠴᠠᠭ ᠎ᠤᠨ ᠠᠪᠤᠷᠠᠨ ᠲᠤᠰᠠᠯᠠᠬᠤ ᠴᠡᠭ 415 ᠭᠠᠷᠭᠠᠵᠤ᠂ 474 ᠲᠤᠰᠠᠯᠠᠮᠵᠢ ᠬᠦᠷᠲᠡᠭᠰᠡᠳ ᠎ᠢ ᠬᠠᠪᠰᠤᠷᠤᠨ ᠨᠤᠲᠤᠭ ᠲᠤᠨᠢ ᠬᠠᠷᠢᠭᠤᠯᠵᠤ᠂ ᠲᠥᠷᠥᠯ ᠰᠠᠳᠤᠨ᠎ᠢᠶᠠᠨ ᠡᠷᠢᠬᠦ ᠦᠢᠯᠡᠴᠢᠯᠡᠭᠡ᠎ᠶᠢ 22 ᠬᠥᠮᠥᠨ ᠤᠳᠠᠭ᠎ᠠ ᠬᠠᠩᠭᠠᠭᠰᠠᠨ ᠪᠠᠢᠨ᠎ᠠ᠃

2025 ᠣᠨ᠎ᠤ 10 ᠰᠠᠷ᠎ᠠ᠎ᠶᠢᠨ 27᠎ᠤ ᠡᠳᠦᠷ᠂ ᠥᠪᠥᠷ ᠮᠣᠩᠭᠣᠯ《ᠬᠠᠬᠢᠷ ᠡᠪᠦᠯ᠎ᠳᠤ ᠬᠠᠯᠠᠭᠤᠨ ᠳᠤᠯᠠᠭᠠᠨ ᠬᠦᠷᠭᠡᠬᠦ》 ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠪᠠᠨ ᠡᠬᠢᠯᠡᠬᠦᠯᠵᠤ᠂ ᠠᠵᠢᠯᠯᠠᠭ᠎ᠠ ᠨᠢ 2026 ᠤᠨ᠎ᠤ 3 ᠰᠠᠷ᠎ᠠ᠎ᠶᠢᠨ 31᠎ᠦ ᠡᠳᠦᠷ ᠪᠣᠯᠲᠠᠯ᠎ᠠ ᠦᠷᠭᠦᠯᠵᠢᠯᠡᠬᠦ ᠪᠤᠯᠤᠨ᠎ᠡ᠃

ᠣᠢᠯᠠᠭᠠᠭᠰᠠᠨ᠎ᠢᠶᠠᠷ᠂ ᠪᠥᠬᠥ ᠣᠷᠣᠨ᠎ᠤ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ《ᠬᠠᠬᠢᠷ ᠡᠪᠦᠯ᠎ᠳᠦ ᠬᠠᠯᠠᠭᠤᠨ ᠳᠤᠯᠠᠭᠠᠨ ᠬᠦᠷᠭᠡᠬᠦ》ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠤᠨ᠂ ᠣᠯᠠᠨ ᠡᠰᠢᠲᠦ ᠠᠪᠤᠷᠠᠨ ᠲᠤᠰᠠᠯᠠᠬᠤ ᠰᠢᠰᠲᠧᠮ ᠎ᠢ ᠪᠠᠢᠭᠤᠯᠪᠠ᠃ ᠬᠥᠬᠡᠬᠣᠲᠠ ᠵᠢᠨ ᠬᠢᠨ ᠬᠣᠲᠠ᠂ ᠬᠣᠰᠢᠭᠤ ᠰᠢᠶᠠᠨ ᠲᠣᠭᠣᠷᠢᠭ᠋᠂ ᠰᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠬᠣᠨ (ᠨᠡᠢᠭᠡᠮ ᠲᠣᠭᠣᠷᠢᠭ᠋) ᠳᠥᠷᠪᠡᠨ ᠱᠠᠲᠤᠨ᠎ᠤ ᠠᠪᠤᠷᠠᠨ ᠲᠤᠰᠠᠯᠠᠬᠤ ᠲᠣᠣᠷᠵᠢᠯ ᠎ᠢ ᠪᠠᠢᠭᠤᠯᠵᠤ᠂ ᠬᠣᠲᠠ᠎ᠶᠢᠨ ᠲᠡᠭᠦᠷᠭᠡ᠎ᠶᠢᠨ 10 ᠲᠣᠰᠬᠣᠨ᠎ᠤ ᠠᠷᠠᠳ᠎ᠤᠨ ᠵᠥᠪᠯᠡᠯ᠎ᠲᠠᠢ ᠬᠠᠮᠲᠤᠷᠠᠨ ᠦᠨᠳᠦᠰᠦᠨ ᠱᠠᠲᠤᠨ᠎ᠤ ᠦᠢᠯᠡᠴᠢᠯᠡᠭᠡᠨ᠎ᠦ ᠴᠡᠭ᠎ᠢ ᠪᠠᠶ᠋ᠢᠭᠤᠯᠬᠤ᠎ᠶᠢᠨ ᠬᠠᠮᠲᠤ 62 ᠲᠦᠷ ᠴᠠᠭ ᠎ᠤᠨ ᠠᠪᠤᠷᠠᠨ ᠲᠤᠰᠠᠯᠠᠬᠤ ᠴᠡᠭ ᠎ᠢ ᠪᠠᠢᠭᠤᠯᠵᠤ᠂ ᠠᠪᠤᠷᠠᠨ ᠲᠤᠰᠠᠯᠠᠬᠤ ᠦᠢᠯᠡᠴᠢᠯᠡᠭᠡᠨ ᠎ᠦ 《ᠡᠴᠦᠰ᠎ᠦᠨ ᠨᠢᠭᠡ ᠺᠢᠯᠣᠮᠧᠲᠷ》᠎ᠢ ᠦᠨᠡᠨᠬᠦ ᠨᠡᠪᠲᠡᠷᠡᠭᠦᠯᠪᠡ︔ ᠬᠢᠩᠭᠠᠨ ᠠᠢᠮᠠᠭ᠎ᠤᠨ ᠬᠢᠨ《ᠵᠢᠭ᠍ᠰᠠᠭᠠᠨ ᠪᠠᠢᠴᠠᠭᠠᠬᠤ + ᠠᠪᠤᠷᠠᠨ ᠲᠤᠰᠠᠯᠠᠬᠤ + ᠲᠥᠪᠬᠢᠨᠡᠭᠦᠯᠬᠦ 》ᠪᠢᠲᠡᠭᠦᠦ ᠴᠠᠭᠠᠷᠢᠭ᠋᠎ᠤᠨ ᠲᠣᠭᠲᠠᠴᠠ᠎ᠶᠢ ᠪᠠᠢᠭᠤᠯᠵᠤ᠂ ᠠᠪᠤᠷᠠᠨ ᠲᠤᠰᠠᠯᠠᠬᠤ ᠬᠠᠮᠢᠶᠠᠷᠤᠯᠲᠠ᠎ᠶᠢᠨ ᠣᠷᠣᠨ ᠪᠦᠰᠡ᠎ᠶᠢᠨ ᠴᠢᠨᠠᠷᠲᠠᠢ ᠲᠤᠷᠰᠢᠯᠲᠠ᠎ᠶᠢᠨ ᠴᠡᠭ ᠎ᠤᠨ ᠠᠵᠢᠯ ᠎ᠲᠠᠢ ᠤᠶᠠᠯᠳᠤᠭᠤᠯᠤᠨ᠂ ᠵᠡᠭᠡᠯᠢ ᠭᠤᠳᠤᠮᠵᠢ᠎ᠪᠠᠷ ᠲᠡᠨᠦᠭᠦᠴᠢᠯᠡᠵᠤ ᠪᠠᠢᠭ᠎ᠠ ᠬᠥᠮᠥᠰ ᠎ᠢ ᠬᠥᠳᠡᠯᠦᠩᠭᠦᠢ ᠎ᠪᠡᠷ ᠵᠢᠭ᠍ᠰᠠᠭᠠᠨ ᠪᠠᠢᠴᠠᠭᠠᠬᠤ᠎ᠶᠢ ᠠᠬᠢᠭᠤᠯᠵᠤ᠂ ᠲᠤᠰᠠᠯᠠᠬᠤ ᠶᠣᠰᠣᠲᠠᠢ᠎ᠶᠢ ᠨᠢ ᠪᠦᠬᠦᠨ᠎ᠢ ᠳᠤᠰᠠᠯᠠᠵᠥ᠂ ᠠᠷᠠᠳ ᠎ᠤᠨ ᠠᠮᠢᠳᠤᠷᠠᠯ ᠎ᠤᠨ ᠦᠨᠳᠦᠰᠦᠨ ᠵᠦᠢᠯ ᠎ᠢ ᠪᠠᠲᠤᠯᠠᠬᠤ ᠰᠡᠷᠭᠡᠢᠯᠡᠯᠲᠡ᠎ᠶᠢᠨ ᠱᠤᠭᠤᠮ᠎ᠢ ᠦᠨᠡᠨᠬᠦ ᠪᠡᠬᠢᠵᠢᠭᠦᠯᠪᠡ᠃                                   

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号