ᠠᠭᠠᠷ᠎ᠤᠨ ᠶᠠᠰᠤ ᠴᠢᠨᠠᠷ ᠪᠥᠬᠥ ᠲᠠᠯ᠎ᠠ᠎ᠪᠠᠷ ᠪᠠᠷᠢᠮᠵᠢᠶ᠎ᠠ᠎ᠳᠤ ᠬᠦᠷᠪᠡ
2026-01-30 11:24:51
ᠵᠣᠬᠢᠶᠠᠭ᠍ᠴᠢ᠄
ᠱᠤᠸᠠᠢ ᠵᠧᠩ ​
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠠᠮᠢ ᠠᠬᠤᠢ ᠣᠷᠴᠢᠨ ᠳᠤᠭᠤᠷᠢᠨ᠎ᠤ ᠲᠢᠩᠬᠢᠮ᠎ᠡᠴᠡ ᠣᠢᠯᠠᠭᠠᠭᠰᠠᠨ ᠵᠢᠡᠷ᠂ ᠥᠪᠥᠷ ᠮᠣᠩᠭᠣᠯ ᠠᠭᠠᠷ ᠎ᠤᠨ ᠶᠠᠰᠤ ᠴᠢᠨᠠᠷ᠎ᠢ ᠰᠠᠢᠵᠢᠷᠠᠭᠤᠯᠬᠤ ᠎ᠪᠠᠷ ᠭᠣᠣᠯ ᠪᠣᠯᠭᠠᠬᠤ᠎ᠶᠢ ᠪᠠᠷᠢᠮᠲᠠᠯᠠᠨ᠂ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠴᠠᠭ ᠬᠤᠭᠤᠴᠠᠭᠠᠨ᠎ᠳᠠᠬᠢ ᠠᠭᠠᠷ ᠮᠠᠨᠳᠠᠯ ᠎ᠤᠨ ᠪᠣᠬᠢᠷᠲᠤᠯ᠎ᠢ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ 2025 ᠣᠨ᠎ᠳᠤ ᠪᠥᠬᠥ ᠣᠷᠣᠨ ᠎ᠤ 12 ᠠᠢᠮᠠᠭ ᠬᠣᠲᠠ᠎ᠶᠢᠨ ᠬᠦᠬᠦᠷ᠎ᠦᠨ ᠳᠠᠪᠬᠤᠷ ᠢᠰᠦᠯ᠂ ᠨᠡᠭᠦᠷᠡᠰᠦᠲᠥ᠋ᠷᠥᠭᠴᠢ᠎ᠶᠢᠨ ᠲᠠᠩ ᠢᠰᠦᠯ᠂ PM2.5 ᠵᠡᠷᠭᠡ ᠵᠢᠷᠭᠤᠭᠠᠨ ᠵᠦᠢᠯ ᠎ᠦᠨ ᠪᠣᠬᠢᠷᠲᠤᠯ ᠪᠣᠳᠠᠰ᠎ᠤᠨ ᠥᠳᠬᠡᠴᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ ᠪᠦᠬᠦᠨ᠎ᠢᠶᠡᠷ᠎ᠢᠶᠡᠨ ᠪᠠᠭᠤᠷᠠᠪᠠ᠃ ᠡᠭᠦᠨ᠎ᠳᠦ᠂ PM2.5 ᠵᠢᠨ ᠳᠤᠮᠳᠠᠴᠢ ᠥᠳᠬᠡᠴᠡ᠎ᠶᠢᠨ ᠬᠡᠮᠵᠢᠶ᠎ᠡ ᠺᠦᠪ ᠮᠧᠲᠷ ᠪᠦᠷᠢ᠎ᠳᠦ 22 ᠮᠢᠺᠷᠦᠭᠷᠡᠮ ᠬᠦᠷᠴᠦ᠂ 2020 ᠣᠨ᠎ᠤ ᠬᠢ᠎ᠡᠴᠡ 21.4% ᠪᠡᠷ ᠪᠠᠭᠤᠷᠠᠵᠤ᠂ 10 ᠵᠢᠯ ᠳᠠᠷᠠᠭᠠᠯᠠᠨ ᠲᠣᠭᠲᠠᠭᠤᠨ᠎ᠢᠶᠠᠷ ᠪᠠᠷᠢᠮᠵᠢᠶ᠎ᠠ᠎ᠳᠤ ᠬᠦᠷᠴᠦ᠂ ᠬᠢᠨᠠᠨ ᠬᠡᠮᠵᠢᠭᠰᠡᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠠᠮᠤᠭ ᠎ᠤᠨ ᠰᠠᠢᠨ ᠬᠢᠷᠢ ᠲᠦᠪᠰᠢᠨ᠎ᠢ ᠡᠭᠦᠳᠪᠡ᠃ 2025 ᠣᠨ᠎ᠳᠤ ᠪᠥᠬᠥ ᠣᠷᠣᠨ ᠎ᠤ ᠠᠭᠠᠷ ᠮᠠᠨᠳᠠᠯ᠎ᠤᠨ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 92.1%᠎ᠳᠤ ᠬᠦᠷᠴᠦ᠂ ᠪᠥᠬᠥ ᠣᠷᠣᠨ᠎ᠤ 12 ᠠᠢᠮᠠᠭ ᠬᠣᠲᠠ᠎ᠶᠢᠨ ᠠᠭᠠᠷ᠎ᠤᠨ ᠶᠠᠰᠤ ᠴᠢᠨᠠᠷ ᠪᠦᠬᠦᠨ᠎ᠢᠶᠡᠷ᠎ᠢᠶᠡᠨ ᠪᠠᠷᠢᠮᠵᠢᠶ᠎ᠠ᠎ᠳᠤ ᠬᠦᠷᠴᠦ᠂ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠪᠡ᠃

ᠣᠢᠷ᠎ᠠ᠎ᠶᠢᠨ ᠵᠢᠯ ᠎ᠦᠳ᠎ᠲᠦ᠂ ᠥᠪᠥᠷ ᠮᠣᠩᠭᠣᠯ《ᠠᠭᠠᠷ ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭ᠎ᠠ ᠎ᠶᠢᠨ ᠬᠡᠷᠡᠭᠵᠢᠭᠦᠯᠬᠦ ᠲᠥᠰᠥᠯ》 ᠵᠡᠷᠭᠡ ᠲᠥᠷᠥ᠎ᠶᠢᠨ ᠪᠣᠳᠣᠯᠭ᠎ᠠ ᠵᠢᠴᠢ ᠢᠵᠢ ᠪᠦᠷᠢᠳᠦᠭᠦᠯᠬᠦ ᠰᠢᠷᠢᠰ ᠠᠷᠭ᠎ᠠ ᠬᠡᠮᠵᠢᠶ᠎ᠡ᠎ᠶᠢ ᠵᠠᠯᠭᠠᠭ᠎ᠠ᠎ᠪᠠᠷ ᠲᠣᠭᠲᠠᠭᠠᠵᠤ᠂ ᠵᠤᠨ ᠨᠠᠮᠤᠷ ᠎ᠤᠨ ᠤᠯᠠᠷᠢᠯ ᠪᠠ ᠨᠠᠮᠤᠷ ᠡᠪᠦᠯ᠎ᠦᠨ ᠤᠯᠠᠷᠢᠯ᠎ᠤᠨ ᠭᠣᠣᠯᠳᠠᠯᠭ᠎ᠠ᠎ᠲᠠᠢ ᠴᠠᠭ ᠬᠤᠭᠤᠴᠠᠭ᠎ᠠ ᠎ᠶᠢ ᠴᠢᠩᠭ᠎ᠠ ᠠᠩᠬᠠᠷᠴᠤ᠂ ᠠᠭᠠᠷ ᠮᠠᠨᠳᠠᠯ᠎ᠤᠨ ᠪᠣᠬᠢᠷᠲᠤᠯ ᠎ᠢ ᠰᠡᠷᠭᠡᠢᠯᠡᠨ ᠵᠠᠰᠠᠬᠤ ᠠᠵᠢᠯ ᠎ᠢ ᠰᠢᠰᠲᠧᠮ᠎ᠲᠠᠢ ᠠᠬᠢᠭᠤᠯᠪᠠ᠃ 2020 ᠣᠨ  ᠠ᠋ᠴᠠ 2025 ᠣᠨ ᠪᠣᠯᠲᠠᠯ᠎ᠠ᠂ ᠥᠪᠥᠷ ᠮᠣᠩᠭᠣᠯ ᠨᠡᠶ᠋ᠢᠲᠡ 2143 ᠲᠦᠮᠡᠨ ᠺᠢᠯᠣᠸᠠᠲ᠎ᠤᠨ ᠢᠯᠴᠢ᠎ᠶᠢᠨ ᠴᠠᠬᠢᠯᠭᠠᠨ ᠎ᠤ ᠮᠠᠰᠢᠨ ᠴᠣᠭᠴᠠᠯᠠᠪᠤᠷᠢ᠂ 2400 ᠲᠦᠮᠡᠨ ᠲᠣᠨ ᠪᠣᠯᠣᠳ ᠲᠡᠮᠦᠷ᠎ᠦᠨ ᠬᠡᠲᠦ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠎ᠶᠢ ᠪᠡᠶᠡᠯᠡᠭᠦᠯᠵᠦ᠂ 968 ᠨᠡᠭᠦᠷᠡᠰᠦ ᠰᠢᠲᠠᠭᠠᠬᠤ ᠵᠤᠤᠬ᠎ᠠ ᠎ᠶᠢ ᠰᠢᠭᠰᠢᠭᠳᠡᠭᠦᠯᠪᠡ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ ᠲᠣᠮᠣ᠌ ᠳ᠋ᠠᠢᠲ᠋ᠠ᠂ ᠣᠶᠤᠨᠴᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠲᠡᠷᠢᠭᠦᠨ᠎ᠦ ᠮᠡᠷᠭᠡᠵᠢᠯ᠎ᠳᠦ ᠲᠦᠰᠢᠭᠯᠡᠨ᠂ ᠠᠭᠠᠷ ᠮᠠᠨᠳᠠᠯ᠎ᠤᠨ ᠣᠷᠴᠢᠨ ᠲᠣᠭᠣᠷᠢᠨ᠎ᠢ ᠣᠨᠣᠪᠴᠢᠲᠠᠶ ᠬᠢᠨᠠᠨ ᠡᠵᠡᠮᠳᠡᠵᠦ ᠪᠤᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ 2026 ᠣᠨ ᠎ᠳᠤ᠂ ᠥᠪᠥᠷ ᠮᠣᠩᠭᠣᠯ ᠡᠬᠢ ᠡᠭᠦᠰᠦᠯ᠎ᠡᠴᠡ ᠨᠢ ᠵᠠᠰᠠᠬᠤ ᠎ᠶᠢ ᠨᠡᠩ ᠴᠢᠬᠤᠯᠠᠴᠢᠯᠠᠵᠤ᠂ ᠪᠣᠬᠢᠷᠲᠤᠯ ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ᠎ᠶᠢ ᠬᠠᠮᠵᠢᠯᠴᠠᠭᠤᠯᠬᠤ᠂ ᠤᠯᠠᠨ ᠪᠣᠬᠢᠷᠲᠤᠯ ᠪᠣᠳᠠᠰ᠎ᠢ ᠡᠵᠡᠮᠳᠡᠬᠦ᠎ᠶᠢ ᠬᠠᠮᠵᠢᠯᠴᠠᠭᠤᠯᠬᠤ᠂ ᠣᠷᠣᠨ ᠪᠦᠰᠡ ᠎ᠶᠢᠨ ᠵᠠᠰᠠᠯᠲᠠ᠎ᠶᠢ ᠬᠠᠮᠵᠢᠯᠴᠠᠭᠤᠯᠬᠤ᠎ᠶᠢ ᠴᠢᠩᠭᠠᠳᠬᠠᠵᠤ᠂ ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠨ᠎ᠠ ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号