9 ᠡᠳᠦᠷ ᠰᠦᠢᠳᠬᠡᠯ ᠬᠤᠷᠢᠶᠠᠬᠤ ᠦᠭᠡᠶ ︕
2026-01-30 11:45:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

29 ᠎ᠦ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠬᠡᠷ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠬᠤᠷᠠᠯᠳᠤᠭᠤᠯᠵᠥ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠵᠠᠮ ᠬᠠᠷᠢᠴᠠᠯᠭ᠎ᠠ ᠲᠡᠭᠡᠭᠡᠪᠦᠷᠢ᠎ᠶᠢᠨ ᠶᠠᠮᠤᠨ᠂ ᠪᠠᠴᠢᠮ ᠪᠠᠶ᠋ᠢᠳᠠᠯ ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠳᠤᠮᠳᠠᠳᠤ ᠤᠯᠤᠰ ᠎ᠤᠨ ᠠᠷᠠᠳ ᠎ᠤᠨ ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ᠂ ᠤᠯᠤᠰ᠎ᠤᠨ ᠲᠡᠮᠦᠷ ᠵᠠᠮ᠎ᠤᠨ ᠪᠦᠯᠦᠭᠯᠡᠯ 2026 ᠣᠨ᠎ᠤ ᠴᠠᠭᠠᠨ ᠰᠠᠷ᠎ᠠ᠎ᠶᠢᠨ ᠲᠡᠭᠡᠭᠡᠪᠦᠷᠢ᠎ᠶᠢᠨ ᠪᠠᠶ᠋ᠢᠳᠠᠯ ᠪᠠ ᠠᠵᠢᠯ ᠎ᠤᠨ ᠲᠣᠬᠢᠷᠠᠭᠤᠯᠤᠯᠲᠠ᠎ᠶᠢ ᠲᠠᠨᠢᠯᠴᠠᠭᠤᠯᠪᠠ᠃ ᠬᠣᠯᠪᠣᠭᠳᠠᠯ ᠪᠥᠬᠥᠶ ᠬᠠᠷᠢᠭᠤᠴᠠᠯᠭᠠᠲᠠᠨ ᠢᠯᠡᠷᠬᠡᠶ᠋ᠢᠯᠡᠬᠦ᠌᠎ᠳᠡᠭᠡᠨ᠂ 2026 ᠣᠨ᠎ᠤ ᠴᠠᠭᠠᠨ ᠰᠠᠷ᠎ᠠ᠎ᠶᠢᠨ ᠵᠥᠭᠡᠭᠡᠪᠦᠷᠢ 2 ᠰᠠᠷ᠎ᠠ᠎ᠶᠢᠨ 2᠎ᠤᠨ ᠡᠳᠦᠷ᠎ᠡᠴᠡ ᠡᠬᠢᠯᠡᠵᠦ᠍᠂ 3 ᠰᠠᠷ᠎ᠠ ᠵᠢᠨ 13᠎ᠤ ᠡᠳᠦᠷ ᠳᠠᠭᠤᠰᠤᠨ᠎ᠠ᠂ ᠬᠤᠭᠤᠴᠠᠭ᠎ᠠ ᠨᠢ 40 ᠡᠳᠦᠷ ᠪᠣᠯᠤᠨ᠎ᠠ᠃ ᠡᠨᠡ ᠵᠢᠯ᠎ᠦᠨ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠪᠦᠬᠦ᠌ ᠨᠡᠶ᠋ᠢᠭᠡᠮ᠎ᠦᠨ ᠣᠷᠣᠨ ᠪᠦᠰᠡ ᠠᠯᠤᠰᠯᠠᠬᠤ ᠬᠦᠮᠦᠰ ᠤ᠋ᠨ ᠰᠢᠯᠵᠢᠯᠲᠡ ᠵᠢᠨ ᠬᠡᠮᠵᠢᠶ᠎ᠡ 95 ᠳ᠋ᠦᠩᠰᠢᠭᠤᠷ ᠬᠥᠮᠦᠨ ᠤᠳᠠᠭ᠎ᠠ᠎ᠳᠤ ᠬᠦᠷᠴᠦ᠍᠂ ᠵᠢᠱ᠌ᠢᠯᠲᠡ᠎ᠪᠡᠷ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠬᠦ᠌ ᠪᠣᠯᠤᠨ᠎ᠠ᠃

ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠲᠡᠭᠡᠭᠡᠪᠦᠷᠢ᠎ᠶᠢᠨ ᠦᠢᠯᠡᠴᠢᠯᠡᠭᠡᠨ᠎ᠦ ᠵᠤᠷᠭᠠᠨ᠎ᠤ ᠬᠠᠷᠢᠭᠤᠴᠠᠯᠭᠠᠲᠠᠨ ᠭᠤᠤ ᠪᠥᠸᠧ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠳᠡᠭᠡᠷ᠎ᠡ ᠢᠯᠡᠷᠬᠡᠶ᠋ᠢᠯᠡᠬᠦ᠌᠎ᠳᠡᠭᠡᠨ᠂ ᠡᠨᠡ ᠵᠢᠯ ᠎ᠦᠨ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ (2 ᠰᠠᠷ᠎ᠠ᠎ᠶᠢᠨ 15 ᠎ᠤ ᠡᠳᠦᠷ᠎ᠦᠨ 0 ᠴᠠᠭ᠎ᠠᠴᠠ 2 ᠰᠠᠷ᠎ᠠ᠎ᠶᠢᠨ 23 ᠎ᠤ ᠡᠳᠦᠷ᠎ᠦᠨ 24 ᠴᠠᠭ ᠪᠣᠯᠲᠠᠯ᠎ᠠ ) ᠳ᠋ᠤ᠂ ᠪᠥᠬᠥ᠌ ᠤᠯᠤᠰ᠎ᠤᠨ ᠲᠦᠷᠬᠡᠨ᠎ᠤ ᠵᠠᠰᠠᠮᠠᠯ ᠵᠠᠮ 7 ᠰᠠᠭᠤᠳᠠᠯ ᠵᠢᠴᠢ ᠲᠡᠭᠦᠨ᠎ᠡᠴᠡ ᠳᠣᠷᠣᠭᠰᠢᠬᠢ ᠵᠢᠵᠢᠭ ᠬᠡᠯᠪᠡᠷᠢ᠎ᠶᠢᠨ ᠠᠶᠠᠨᠴᠢᠳ᠎ᠤᠨ ᠮᠠᠰᠢᠨ ᠲᠡᠷᠭᠡ ᠡᠴᠡ ᠰᠦᠢᠳᠬᠡᠯ ᠬᠤᠷᠢᠶᠠᠬᠤ ᠥᠬᠡᠶ ᠭᠡᠪᠡ᠃


ᠢᠷᠡᠯᠲᠡ ᠄  ᠰᠢᠨᠬᠤᠸᠠ ᠬᠣᠷᠢᠶ᠎ᠠ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号