3.6 ᠳ᠋ᠦᠩᠰᠢᠭᠤᠷ ᠭᠠᠷᠤᠢ ᠲᠥᠭᠥᠷᠢᠭ᠎ᠦᠨ ᠬᠡᠷᠡᠭᠯᠡᠭᠡᠨ ᠎ᠦ ᠲᠡᠮᠳᠡᠭᠲᠦ ᠲᠠᠷᠬᠠᠭᠠᠨ᠎ᠠ
2026-01-30 17:03:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

QQ20260130-170440.png


1 ᠰᠠᠷ᠎ᠠ᠎ᠶᠢᠨ 29 ᠎ᠦ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ ᠹᠦᠵᠢᠶᠠᠨ ᠮᠤᠵᠢ᠎ᠶᠢᠨ ᠴᠢᠤᠸᠠᠨᠵᠸᠤ ᠬᠣᠲᠠ᠎ᠳᠤ 2026 ᠣᠨ᠎ᠤ ᠪᠥᠬᠥ ᠤᠯᠤᠰ᠎ᠤᠨ ᠴᠠᠭᠠᠨ ᠰᠠᠷ᠎ᠠ᠎ᠶᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠦ ᠰᠠᠷ᠎ᠠ᠎ᠶᠢ ᠵᠢᠩᠬᠢᠨᠢ᠎ᠪᠡᠷ ᠡᠬᠢᠯᠡᠭᠦᠯᠵᠦ᠂ ᠡᠯ᠎ᠡ ᠭᠠᠵᠠᠷ᠎ᠤᠨ ᠬᠢᠨ᠎ᠢ ᠵᠣᠬᠢᠶᠠᠨ ᠪᠠᠢᠭᠤᠯᠵᠤ ᠴᠠᠭᠠᠨ ᠰᠠᠷ᠎ᠠ᠎ᠶᠢᠨ ᠠᠮᠠᠷᠠᠯᠲᠠ ᠎ᠶᠢᠨ ᠬᠤᠭᠤᠴᠠᠭᠠᠨ ᠎ᠤ ᠰᠣᠶᠣᠯ ᠵᠢᠭᠤᠯᠴᠢᠯᠠᠯ ᠎ᠤᠨ ᠬᠡᠷᠡᠭᠯᠡᠭᠡ᠎ᠪᠡᠷ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠎ᠤ 《ᠪᠠᠶᠠᠷ ᠬᠥᠷ ᠎ᠲᠠᠢ᠎ᠪᠡᠷ ᠴᠠᠭᠠᠨ ᠰᠠᠷ᠎ᠠ ᠎ᠪᠠᠨ ᠥᠩᠭᠡᠷᠡᠭᠦᠯᠬᠦ》ᠰᠠᠢᠨ ᠰᠠᠢᠬᠠᠨ ᠠᠮᠢᠳᠤᠷᠠᠯ ᠎ᠤᠨ ᠬᠡᠷᠡᠭᠴᠡᠭᠡ᠎ᠶᠢ ᠨᠠᠩ ᠰᠠᠢᠲᠤᠷ ᠬᠠᠩᠭᠠᠨ᠎ᠠ᠃

ᠬᠡᠷᠡᠭᠯᠡᠭᠡᠨ᠎ᠦ ᠰᠠᠷ᠎ᠠ 1 ᠰᠠᠷ᠎ᠠ᠎ᠶᠢᠨ ᠰᠡᠭᠦᠯᠴᠢ᠎ᠡᠴᠡ 3 ᠰᠠᠷ᠎ᠠ᠎ᠶᠢᠨ ᠡᠬᠢ ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭᠠᠨ᠎ᠳᠤ ᠡᠯ᠎ᠡ ᠭᠠᠵᠠᠷ᠎ᠤᠨ ᠬᠢᠨ ᠰᠢᠨ᠎ᠡ ᠵᠢᠯ ᠴᠠᠭᠠᠨ ᠰᠠᠷ᠎ᠠ ᠵᠢᠨ ᠵᠠᠩᠰᠢᠯ᠂ ᠲᠣᠭᠯᠠᠯᠲᠠ᠂ ᠦᠵᠡᠰᠬᠦᠯᠡᠩ᠂ ᠴᠠᠰᠤ ᠮᠥᠰᠥᠨ ᠎ᠤ ᠵᠢᠭᠤᠯᠴᠢᠯᠠᠯ᠂ ᠬᠦᠢᠲᠡᠨ᠎ᠡᠴᠡ ᠵᠠᠢᠯᠠᠬᠤ ᠵᠢᠭᠤᠯᠴᠢᠯᠠᠯ᠂ ᠡᠴᠢᠭᠡ ᠡᠬᠡ ᠦᠷ᠎ᠡ ᠬᠡᠦᠬᠡᠳ ᠎ᠦᠨ ᠵᠢᠭᠤᠯᠴᠢᠯᠠᠯ ᠵᠡᠷᠭᠡ ᠬᠠᠯᠠᠮᠰᠢᠯ ᠴᠡᠭ ᠎ᠦᠨ ᠲᠣᠭᠣᠷᠢᠨ᠎ᠳᠤ ᠡᠯᠪᠡᠭ ᠪᠠᠶᠠᠯᠢᠭ᠋ ᠰᠣᠶᠣᠯ ᠵᠢᠭᠤᠯᠴᠢᠯᠠᠯ᠎ᠤᠨ ᠦᠢᠯᠡᠳᠬᠦᠨ ᠪᠠ ᠠᠵᠢᠯᠯᠠᠭ᠎ᠠ ᠥᠷᠨᠢᠭᠦᠯᠵᠦ᠂ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠠᠵᠢᠯᠯᠠᠭ᠎ᠠ᠎ᠶᠢ 3 ᠲᠦᠮᠡ ᠰᠢᠬᠠᠮ ᠤᠳᠠᠭ᠎ᠠ ᠡᠷᠭᠢᠯᠡᠵᠦ᠂ 3.6 ᠳ᠋ᠦᠩᠰᠢᠭᠤᠷ ᠭᠠᠷᠤᠢ ᠲᠥᠭᠥᠷᠢᠭ᠎ᠦᠨ ᠬᠡᠷᠡᠭᠯᠡᠭᠡᠨ ᠎ᠦ ᠲᠡᠮᠳᠡᠭᠲᠦ ᠵᠡᠷᠭᠡ ᠬᠡᠷᠡᠭᠯᠡᠭᠡᠨ᠎ᠦ ᠨᠥᠬᠥᠪᠦᠷᠢ ᠲᠠᠷᠬᠠᠭᠠᠨ᠎ᠠ᠃ ᠡᠭᠦᠳᠡᠨ ᠪᠢᠯᠧᠲ᠎ᠢ ᠬᠠᠰᠤᠵᠤ ᠬᠡᠯᠲᠦᠷᠢᠭᠦᠯᠬᠦ᠂ ᠪᠢᠯᠧᠲ ᠬᠣᠯᠪᠣᠯᠳᠤᠭᠤᠯᠤᠨ ᠬᠠᠷᠠᠭᠠᠯᠵᠠᠯ ᠦᠵᠡᠭᠦᠯᠬᠦ᠂ ᠣᠷᠣᠨ ᠪᠦᠰᠡ ᠠᠯᠤᠰᠯᠠᠭᠰᠠᠨ ᠰᠣᠶᠣᠯ ᠵᠢᠭᠤᠯᠴᠢᠯᠠᠯ᠎ᠤᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ᠎ᠶᠢ ᠨᠡᠢᠲᠡᠯᠡᠵᠦ᠂ ᠰᠠᠭᠤᠭᠠᠯᠢ ᠠᠷᠠᠳ᠎ᠲᠤ ᠰᠢᠭᠤᠳ ᠬᠦᠷᠳᠡᠭᠡᠭᠦ ᠲᠦᠭᠡᠮᠡᠯ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢᠨ ᠡᠷᠴᠢᠮ᠎ᠢ ᠴᠢᠩᠭᠠᠷᠠᠭᠤᠯᠵᠤ᠂ ᠠᠷᠠᠳ ᠣᠯᠠᠨ᠎ᠤ ᠴᠠᠭᠠᠨ ᠰᠠᠷ᠎ᠠ᠎ᠪᠠᠨ ᠪᠠᠶᠠᠷ ᠬᠥᠷ᠎ᠲᠠᠢ ᠥᠩᠭᠡᠷᠡᠭᠦᠯᠬᠦ᠎ᠳᠦ ᠨᠠᠩ ᠣᠯᠠᠨ ᠰᠣᠶᠣᠯ ᠵᠢᠭᠤᠯᠴᠢᠯᠠᠯ᠎ᠤᠨ ᠰᠣᠩᠭᠣᠯᠲᠠ ᠬᠠᠩᠭᠠᠬᠤ ᠪᠣᠯᠣᠨ᠎ᠠ᠃


ᠢᠷᠡᠯᠲᠡ ᠄ ᠰᠢᠨᠬᠤᠸᠠ ᠬᠤᠷᠢᠶ᠎ᠠ

                                                   

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号