1 ᠰᠠᠷ᠎ᠠ᠎ᠶᠢᠨ 29᠎ᠦ ᠡᠳᠦᠷ᠂ ᠰᠤᠷᠪᠤᠯᠵᠢᠯᠠᠭ᠍ᠴᠢ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠦ ᠬᠡᠷᠡᠭ ᠡᠷᠭᠢᠯᠡᠬᠦ ᠵᠥᠪᠯᠡᠯ᠎ᠡᠴᠡ ᠣᠢᠯᠠᠭᠠᠭᠰᠠᠨ᠎ᠢᠶᠠᠷ᠂ ᠤᠯᠤᠰ᠎ᠤᠨ
ᠦᠨᠳᠦᠰᠦᠲᠡᠨ ᠦ ᠬᠡᠷᠡᠭ ᠡᠷᠭᠢᠯᠡᠬᠦ ᠵᠥᠪᠯᠡᠯ ᠣᠢᠷ᠎ᠠ᠎ᠳᠤ 《ᠠᠷᠪᠠᠨ ᠬᠣᠶᠠᠳᠤᠭᠠᠷ ᠪᠦᠯᠦᠭ᠎ᠦᠨ ᠪᠥᠬᠥ ᠤᠯᠤᠰ᠎ᠤᠨ
ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠭᠠᠵᠠᠷ ᠤᠷᠤᠨ ᠵᠢᠱ᠌ᠢᠶ᠎ᠡ ᠦᠵᠡᠭᠦᠯᠬᠦ
ᠨᠢᠭᠡᠴᠢ᠎ᠶᠢ ᠨᠡᠷᠡᠢᠳᠬᠦ ᠲᠤᠬᠠᠢ ᠲᠣᠭᠲᠠᠭᠠᠯ》᠎ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ 23 ᠭᠠᠵᠠᠷ
ᠣᠷᠣᠨ ᠪᠠ ᠨᠢᠭᠡᠴᠢ ᠨᠡᠷᠡᠰ᠎ᠦᠨ ᠵᠢᠭ᠍ᠰᠠᠭᠠᠯᠲᠠ᠎ᠳᠤ ᠣᠷᠣᠪᠠ᠃
ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ
ᠠᠷᠪᠠᠨ ᠬᠣᠶᠠᠳᠤᠭᠠᠷ ᠪᠦᠯᠦᠭ᠎ᠦᠨ ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ
ᠦᠵᠡᠭᠦᠯᠬᠦ ᠭᠠᠵᠠᠷ ᠣᠷᠣᠨ᠎ᠢᠶᠠᠷ ᠨᠡᠷᠡᠢᠳᠦᠭᠳᠡᠭᠰᠡᠨ 13 ᠭᠠᠵᠠᠷ ᠣᠷᠣᠨ᠎ᠤ ᠳᠣᠲᠣᠷ᠎ᠠ᠂ ᠰᠢᠯᠢ᠎ᠶᠢᠨ ᠭᠣᠣᠯ ᠠᠢᠮᠠᠭ᠂
ᠪᠠᠶᠠᠨᠨᠠᠭᠤᠷ ᠬᠣᠲᠠ ᠨᠢ ᠭᠠᠵᠠᠷ ᠣᠷᠣᠨ᠎ᠤ ᠣᠨᠴᠠᠯᠢᠭ᠋᠎ᠢᠶᠠᠷ ᠪᠠᠶᠠᠯᠢᠭ᠋ ᠡᠭᠦᠳᠦᠨ ᠪᠠᠶ᠋ᠢᠭᠤᠯᠬᠤ ᠠᠵᠢᠯ᠎ᠤᠨ
ᠠᠷᠭ᠎ᠠ ᠬᠡᠮᠵᠢᠶ᠎ᠡ ᠪᠠ ᠢᠯᠡᠳᠲᠡ ᠦᠷ᠎ᠡ ᠪᠦᠲᠦᠮᠵᠢ᠎ᠪᠡᠷ ᠵᠢᠡᠨ ᠠᠮᠵᠢᠯᠲᠠ᠎ᠲᠠᠢ ᠦᠨᠡᠯᠡᠭᠳᠡᠪᠡ︔ ᠣᠷᠳᠣᠰ ᠬᠣᠲᠠ
5 ᠵᠢᠯ ᠪᠡᠬᠢᠵᠢᠭᠦᠯᠦᠨ ᠳᠡᠭᠡᠭᠰᠢᠯᠡᠭᠦᠯᠬᠦ᠎ᠪᠡᠷ ᠳᠡᠮᠵᠢᠨ᠂ ᠰᠢᠨᠡᠳᠬᠡᠭᠰᠡᠨ ᠵᠢᠱ᠌ᠢᠶ᠎ᠡ ᠦᠵᠡᠭᠦᠯᠬᠦ ᠦᠷ᠎ᠡ
ᠪᠦᠲᠦᠭᠡᠯ᠎ᠢᠶᠡᠷ᠎ᠢᠶᠡᠨ ᠳᠠᠬᠢᠨᠲᠠ ᠨᠡᠷᠡᠢᠳᠦᠭᠳᠡᠪᠡ︔ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠂ ᠪᠤᠭᠤᠲᠤ
ᠬᠣᠲᠠ ᠶᠢᠨ ᠲᠦᠮᠡᠳ ᠪᠠᠷᠠᠭᠤᠨ ᠬᠣᠰᠢᠭᠤ᠂ ᠬᠥᠯᠥᠨ ᠪᠣᠶ᠋ᠢᠷ ᠬᠣᠲᠠ᠎ᠶᠢᠨ ᠡᠸᠡᠩᠬᠢ ᠦᠨᠳᠦᠰᠦᠲᠡᠨ ᠦ ᠥᠪᠡᠷᠲᠡᠭᠡᠨ
ᠵᠠᠰᠠᠬᠤ ᠬᠣᠰᠢᠭᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠤᠯᠠᠭᠠᠨᠬᠠᠳᠠ ᠬᠣᠲᠠ᠎ᠶᠢᠨ
ᠬᠤᠩᠱᠠᠨ ᠲᠣᠭᠣᠷᠢᠭ᠋᠂ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤ᠂ ᠦᠬᠠᠢ ᠬᠣᠲᠠ᠎ᠶᠢᠨ ᠬᠠᠢᠨᠠᠨ ᠲᠣᠭᠣᠷᠢᠭ᠋᠂
ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤ᠂《ᠨᠢᠭᠡ ᠬᠣᠰᠢᠭᠤ ᠲᠤᠭᠤᠷᠢᠭ ᠨᠢᠭᠡ ᠭᠣᠣᠯ ᠰᠡᠳᠦᠪ᠂ ᠨᠢᠭᠡ ᠬᠣᠰᠢᠭᠤ
ᠲᠤᠭᠤᠷᠢᠭ ᠨᠢᠭᠡ ᠣᠨᠴᠠᠯᠢᠭ᠋᠂ ᠨᠢᠭᠡ ᠬᠣᠰᠢᠭᠤ ᠲᠤᠭᠤᠷᠢᠭ ᠨᠢᠭᠡ ᠲᠦᠷᠦᠯ ᠲᠡᠮᠳᠡᠭᠲᠦ》ᠪᠦᠬᠦᠢ ᠡᠭᠦᠳᠦᠨ ᠪᠠᠶ᠋ᠢᠭᠤᠯᠬᠤ
ᠠᠵᠢᠯ᠎ᠤᠨ ᠰᠡᠳᠬᠢᠴᠡ ᠪᠠ ᠪᠥᠬᠥ ᠣᠷᠣᠨ ᠪᠦᠰᠡ᠎ᠳᠦ ᠡᠭᠦᠳᠦᠨ ᠪᠠᠢᠭᠤᠯᠤᠭᠰᠠᠨ ᠰᠢᠯᠢᠳᠡᠭ ᠠᠵᠢᠯ᠎ᠤᠨ ᠦᠷ᠎ᠡ ᠪᠦᠲᠦᠭᠡᠯ᠎ᠢᠶᠡᠷ
ᠵᠢᠡᠨ ᠠᠮᠵᠢᠯᠲᠠ ᠲᠠᠢ ᠦᠨᠡᠯᠡᠭᠳᠡᠪᠡ︔ ᠪᠤᠭᠤᠲᠤ ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ
ᠮᠠᠨᠳᠤᠯ ᠪᠠᠯᠭᠠᠰᠤ᠂ ᠤᠯᠠᠭᠠᠨᠬᠠᠳᠠ ᠬᠣᠲᠠ᠎ᠶᠢᠨ ᠬᠡᠰᠢᠭᠲᠡᠨ ᠬᠣᠰᠢᠭᠤᠨ᠎ᠤ ᠪᠠᠶᠠᠨᠴᠠᠭᠠᠨ ᠰᠤᠮᠤ ᠡᠬᠡ ᠤᠯᠤᠰ᠎ᠤᠨ
ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ᠎ᠶᠢ ᠪᠠᠲᠤ ᠴᠣᠭᠴᠠᠯᠠᠬᠤ᠂ ᠵᠢᠭᠤᠯᠴᠢᠯᠠᠯ᠎ᠢᠶᠠᠷ
ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠪᠠᠷ ᠢᠳᠡᠪᠬᠢᠲᠡᠢ
ᠬᠤᠪᠢ ᠨᠡᠮᠡᠷᠢ ᠦᠵᠡᠭᠦᠯᠵᠦ᠂ ᠠᠮᠵᠢᠯᠲᠠ ᠲᠠᠢ᠎ᠪᠠᠷ ᠦᠨᠡᠯᠡᠭᠳᠡᠪᠡ᠃
ᠥᠪᠥᠷ ᠮᠣᠩᠭᠣᠯ᠎ᠤᠨ ᠠᠷᠪᠠᠨ ᠬᠣᠶᠠᠳᠤᠭᠠᠷ
ᠪᠦᠯᠦᠭ᠎ᠦᠨ ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠨᠢᠭᠡᠴᠢ᠎ᠪᠡᠷ
ᠨᠡᠷᠡᠢᠳᠦᠭᠳᠡᠭᠰᠡᠨ 10 ᠨᠢᠭᠡᠴᠢ ᠳᠣᠲᠣᠷ᠎ᠠ᠂ ᠬᠥᠬᠡᠬᠣᠲᠠ᠎ᠶᠢᠨ ᠮᠦᠽᠧᠢ᠂ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ
ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ ᠪᠠ ᠤᠯᠠᠭᠠᠨᠴᠠᠪ ᠬᠣᠲᠠ᠎ᠶᠢᠨ ᠡᠮᠡᠭᠲᠡᠢᠴᠦᠳ᠎ᠦᠨ
ᠬᠣᠯᠪᠣᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ
ᠭᠣᠣᠯ ᠰᠢᠵᠢᠮ ᠢ ᠲᠤᠭᠤᠱᠢᠯᠠᠭᠤᠯᠬᠤ ᠲᠠᠯ᠎ᠠ᠎ᠪᠠᠷ ᠡᠯᠪᠡᠭ ᠪᠠᠶᠠᠯᠢᠭ᠋ ᠠᠴᠢᠶᠠᠯᠠᠪᠤᠷᠢ᠎ᠶᠢ ᠪᠣᠶ ᠪᠣᠯᠭᠠᠵᠤ᠂
ᠵᠢᠱ᠌ᠢᠶ᠎ᠡ ᠦᠵᠡᠭᠦᠯᠬᠦ ᠦᠢᠯᠡᠳᠦᠯ᠎ᠢᠶᠡᠨ ᠪᠠᠳᠠᠷᠠᠭᠤᠯᠪᠠ︔ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ
ᠶᠡᠬᠡ ᠰᠤᠷᠭᠠᠭᠤᠯᠢ ᠪᠣᠯᠣᠨ ᠲᠦᠩᠯᠢᠶᠣᠣ ᠬᠣᠲᠠ᠎ᠶᠢᠨ ᠨᠠᠢ᠍ᠮᠠᠨ ᠬᠣᠰᠢᠭᠤᠨ᠎ᠤ ᠠᠵᠢᠯ ᠮᠡᠷᠭᠡᠵᠢᠯ᠎ᠦᠨ ᠳᠤᠮᠳᠠ
ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ ᠨᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠭᠦᠨᠵᠡᠭᠡᠢᠷᠡᠭᠦᠯᠬᠦ᠂
ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠢᠳᠡᠪᠬᠢᠲᠡᠢ ᠳᠡᠯᠭᠡᠷᠡᠭᠦᠯᠦᠨ ᠲᠦᠭᠡᠮᠡᠯᠵᠢᠭᠦᠯᠬᠦ
ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠪᠠ︔ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭᠯᠡᠯ᠎ᠦᠨ
ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ᠎ᠶᠢᠨ ᠪᠣᠯᠣᠳ ᠲᠡᠮᠦᠷ᠎ᠦᠨ(ᠪᠦᠯᠦᠭᠯᠡᠯ) ᠬᠢᠵᠠᠭᠠᠷᠲᠤ
ᠺᠣᠮᠫᠠᠨᠢ᠂ ᠬᠥᠯᠥᠨ ᠪᠣᠶ᠋ᠢᠷ ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠂
ᠥᠪᠥᠷ ᠮᠣᠩᠭᠣᠯ ᠤᠨ ᠴᠠᠬᠢᠯᠭᠠᠨ ᠬᠦᠴᠦᠨ (ᠪᠦᠯᠦᠭᠯᠡᠯ)᠎ᠤ ᠬᠢᠵᠠᠭᠠᠷᠲᠤ ᠺᠣᠮᠫᠠᠨᠢ᠎ᠶᠢᠨ ᠣᠷᠳᠣᠰ᠎ᠲᠠᠬᠢ ᠴᠠᠬᠢᠯᠭᠠᠨ
ᠬᠠᠩᠭᠠᠬᠤ ᠬᠤᠪᠢᠶᠠᠷᠢ ᠺᠣᠮᠫᠠᠨᠢ ᠨᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ
ᠠᠵᠤ ᠠᠬᠤᠢᠯᠠᠯ᠎ᠳᠤ ᠣᠷᠣᠬᠤ᠎ᠶᠢ ᠭᠦᠨᠵᠡᠭᠡᠢ ᠲᠦᠯᠬᠢᠨ ᠠᠬᠢᠭᠤᠯᠵᠤ᠂ ᠳᠣᠲᠣᠭᠠᠳᠤ ᠠᠭᠤᠯᠬᠤᠨ ᠢᠶᠠᠨ ᠲᠠᠰᠤᠷᠠᠯᠲᠠ
ᠦᠭᠡᠢ ᠭᠦᠨᠵᠡᠭᠡᠢᠷᠡᠭᠦᠯᠦᠨ ᠠᠷᠭ᠎ᠠ ᠪᠠᠨ ᠰᠢᠨᠡᠴᠢᠯᠡᠵᠦ᠂ ᠦᠨᠳᠦᠰᠦᠲᠡᠨ ᠦ ᠭᠠᠵᠠᠷ ᠣᠷᠣᠨ᠎ᠤ ᠠᠵᠤ ᠠᠬᠤᠢ ᠨᠡᠢᠭᠡᠮ ᠦᠨ
ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠢᠨᠡᠭᠡᠯᠢᠭᠵᠢᠬᠦ᠎ᠶᠢ
ᠠᠬᠢᠭᠤᠯᠬᠤ ᠲᠠᠯ᠎ᠠ᠎ᠪᠠᠷ ᠢᠳᠡᠪᠬᠢᠲᠡᠢ ᠬᠤᠪᠢ ᠨᠡᠮᠡᠷᠢ ᠦᠵᠡᠭᠦᠯᠪᠡ︔ᠰᠢᠯᠢ᠎ᠶᠢᠨ ᠭᠣᠣᠯ ᠠᠢᠮᠠᠭ ᠤᠨ ᠵᠡᠭᠦᠨ ᠦᠵᠦᠮᠦᠴᠢᠨ
ᠬᠣᠰᠢᠭᠤᠨ᠎ᠤ ᠠᠶᠠᠨ ᠨᠠᠰᠤᠵᠢᠯ ᠤᠨ ᠠᠰᠠᠷᠠᠮᠵᠢ᠎ᠶᠢᠨ ᠬᠦᠷᠢᠶᠡᠯᠡᠩ ᠨᠢ ᠬᠢᠯᠢ ᠬᠢᠵᠠᠭᠠᠷ ᠣᠷᠣᠨ᠎ᠤ ᠦᠨᠳᠦᠰᠦᠲᠡᠨ
ᠨᠤᠬᠦᠳ ᠤᠨ ᠬᠠᠷᠢᠯᠴᠠᠨ ᠰᠢᠭᠢᠳᠬᠡᠬᠦ ᠮᠠᠶᠢᠭ᠋᠎ᠤᠨ ᠬᠥᠭᠵᠢᠯᠲᠡ᠎ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂
ᠲᠡᠷᠡ ᠬᠡᠪ᠎ᠢᠶᠡᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠲᠤᠩᠭᠠᠪᠠ᠃
ᠲᠠᠨᠢᠯᠴᠠᠭᠤᠯᠤᠭᠰᠠᠨ᠎ᠢᠶᠠᠷ᠂ ᠣᠢᠷ᠎ᠠ᠎ᠶᠢᠨ
ᠵᠢᠯ᠎ᠦᠨ ᠲᠤᠷᠰᠢ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ
ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ
ᠡᠭᠦᠳᠦᠨ ᠪᠠᠶ᠋ᠢᠭᠤᠯᠬᠤ ᠠᠵᠢᠯ᠎ᠤᠨ ᠲᠠᠰ ᠳᠡᠪᠰᠢᠭᠰᠡᠨ ᠬᠡᠪ ᠢ ᠴᠣᠭᠴᠠᠯᠠᠬᠤ᠎ᠪᠠᠷ ᠵᠢᠯᠣᠭᠣᠳᠤᠮᠵᠢ ᠪᠣᠯᠭᠠᠵᠤ᠂
ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠭᠠᠵᠠᠷ ᠣᠷᠣᠨ᠎ᠢ ᠡᠭᠦᠳᠦᠨ
ᠪᠠᠶ᠋ᠢᠭᠤᠯᠬᠤ ᠵᠢᠱ᠌ᠢᠶ᠎ᠡ ᠦᠵᠡᠭᠦᠯᠬᠦ ᠨᠢᠭᠡᠴᠢ᠎ᠶᠢ ᠪᠣᠢᠵᠢᠭᠤᠯᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂
ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠳᠤᠮᠳᠠ ᠢᠯᠡᠳᠲᠡ ᠦᠷ᠎ᠡ ᠪᠦᠲᠦᠮᠵᠢ
ᠣᠯᠣᠭᠰᠠᠨ ᠭᠠᠵᠠᠷ ᠣᠷᠣᠨ ᠪᠠ ᠨᠢᠭᠡᠴᠢ᠎ᠶᠢ ᠴᠢᠷᠮᠠᠢᠨ ᠠᠭᠤᠳᠠᠯᠤᠨ ᠲᠠᠨᠢᠯᠴᠠᠭᠤᠯᠵᠤ᠂ ᠡᠯ᠎ᠡ ᠠᠵᠢᠯ ᠲᠥᠷᠥᠯ ᠡᠯ᠎ᠡ
ᠬᠦᠷᠢᠶ᠎ᠡ ᠴᠠᠷᠠᠭᠠᠨ᠎ᠳᠠᠬᠢ ᠰᠢᠨ᠎ᠡ ᠴᠠᠭ ᠦᠶ᠎ᠡ ᠶᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ
ᠥᠯᠢᠭᠡᠷ ᠢ ᠠᠮᠢᠳᠤᠯᠢᠭ᠋ ᠰᠠᠢᠬᠠᠨ ᠶᠠᠷᠢᠪᠠ᠃ ᠣᠳᠣᠬᠠᠨ ᠪᠣᠯᠲᠠᠯ᠎ᠠ᠂ ᠥᠪᠥᠷ ᠮᠣᠩᠭᠣᠯ᠎ᠳᠤ 115 ᠭᠠᠵᠠᠷ ᠣᠷᠣᠨ
ᠪᠠ ᠨᠢᠭᠡᠴᠢ ᠨᠢᠭᠡᠨᠲᠡ ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ
ᠭᠠᠵᠠᠷ ᠤᠷᠤᠨ ᠵᠢᠱ᠌ᠢᠶ᠎ᠡ ᠦᠵᠡᠭᠦᠯᠬᠦ ᠨᠢᠭᠡᠴᠢ᠎ᠪᠡᠷ ᠨᠡᠷᠡᠢᠳᠦᠭᠳᠡᠵᠡᠢ᠃