ᠣᠨᠴᠠ ᠲᠥᠷᠥᠯ ᠎ᠦᠨ ᠲᠥᠬᠦᠭᠡᠷᠦᠮᠵᠢ᠎ᠶᠢᠨ ᠠᠮᠤᠷ ᠲᠦᠪᠰᠢᠨ᠎ᠦ ᠬᠡᠮ ᠰᠣᠭᠣᠭ᠎ᠤᠨ ᠶᠡᠬᠡ ᠵᠢᠭ᠍ᠰᠠᠭᠠᠨ ᠪᠠᠢᠴᠠᠭᠠᠯᠲᠠ ᠦᠷᠨᠢᠭᠦᠯᠪᠡ
2026-01-30 17:14:32
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

1 ᠰᠠᠷ᠎ᠠ ᠎ᠶᠢᠨ 24 ᠎ᠦ ᠡᠳᠦᠷ᠎ᠡᠴᠡ 28᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠎ᠤ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠥᠬᠥ ᠣᠷᠣᠨ᠎ᠤ ᠬᠡᠪᠴᠢᠶᠡᠨ ᠎ᠳᠦ ᠣᠨᠴᠠ ᠲᠥᠷᠥᠯ᠎ᠦᠨ ᠲᠥᠬᠦᠭᠡᠷᠦᠮᠵᠢ᠎ᠶᠢᠨ ᠠᠮᠤᠷ ᠲᠦᠪᠰᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠲᠤᠰᠬᠠᠢ ᠪᠠᠢᠴᠠᠭᠠᠯᠲᠠ᠎ᠶᠢ ᠲᠥᠪᠯᠡᠷᠡᠭᠦᠯᠦᠨ ᠥᠷᠨᠢᠭᠦᠯᠵᠦ᠂ ᠡᠮᠦᠨᠡᠬᠢ ᠬᠤᠭᠤᠴᠠᠭᠠᠨ᠎ᠤ ᠵᠢᠭ᠍ᠰᠠᠭᠠᠨ ᠪᠠᠢᠴᠠᠭᠠᠭᠰᠠᠨ ᠠᠰᠠᠭᠤᠳᠠᠯ᠎ᠤᠨ ᠬᠡᠮ ᠰᠣᠭᠣᠭ ᠎ᠢ 《ᠡᠷᠬᠢᠨ ᠬᠠᠷᠠᠵᠦ》᠂ ᠱᠠᠳᠤ ᠱᠠᠳᠤ ᠪᠡᠷ ᠲᠠᠷᠤᠯᠳᠠ  ᠦᠭᠴᠤ᠂ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠣᠨᠴᠠ ᠲᠥᠷᠥᠯ᠎ᠦᠨ ᠲᠥᠬᠦᠭᠡᠷᠦᠮᠵᠢ ᠵᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠪᠠ᠃

ᠲᠣᠰ ᠤᠳᠠᠭᠠᠨ᠎ᠤ ᠲᠤᠰᠬᠠᠢ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠢᠩᠬᠢᠮ᠎ᠤᠨ ᠲᠠᠰ᠎ᠤᠨ ᠤᠳᠤᠷᠢᠳᠤᠯᠭ᠎ᠠ ᠳᠠᠭᠠᠭᠤᠯᠤᠨ᠂ 5 ᠲᠤᠰᠬᠠᠢ ᠪᠠᠢᠴᠠᠭᠠᠬᠤ ᠳᠤᠭᠤᠢᠯᠠᠩ ᠪᠠᠢᠭᠤᠯᠵᠤ᠂ ᠠᠵᠢᠯ ᠲᠥᠷᠥᠯ᠎ᠦᠨ ᠮᠡᠷᠭᠡᠵᠢᠯ᠎ᠦᠨ ᠲᠤᠰᠬᠠᠢ ᠮᠡᠷᠭᠡᠵᠢᠯᠲᠡᠨ ᠬᠢᠭᠡᠳ ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠢ ᠤᠷᠤᠯᠴᠠᠭᠤᠯᠵᠤ᠂ 12 ᠠᠢᠮᠠᠭ ᠬᠣᠲᠠ᠎ᠳᠤ ᠬᠦᠷᠴᠦ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠢ ᠮᠡᠷᠭᠡᠵᠢᠯᠲᠡᠨ ᠬᠠᠪᠰᠤᠷᠤᠨ ᠲᠡᠳᠬᠦᠬᠦ ᠪᠠ ᠬᠦᠨᠳᠦ ᠶᠡᠬᠡ ᠡᠨᠳᠡᠯ᠎ᠦᠨ ᠬᠡᠮ ᠰᠤᠭᠤᠭ᠎ᠢ ᠵᠢᠭ᠍ᠰᠠᠭᠠᠨ ᠪᠠᠢᠴᠠᠭᠠᠬᠤ ᠠᠵᠢᠯ ᠥᠷᠨᠢᠭᠦᠯᠪᠡ᠃ ᠪᠠᠢᠴᠠᠭᠠᠬᠤ ᠬᠦᠷᠢᠶ᠎ᠡ ᠬᠡᠪᠴᠢᠶ᠎ᠡ ᠨᠢ ᠲᠡᠮᠦᠷᠯᠢᠭ ᠪᠤᠯᠪᠠᠰᠤᠷᠠᠭᠤᠯᠬᠤ᠂ ᠬᠢᠮᠢ᠎ᠶᠢᠨ ᠠᠵᠤ ᠦᠢᠯᠡᠳᠪᠦᠷᠢ᠂ ᠡᠨᠧᠷᠭᠢ᠂ ᠪᠠᠷᠢᠯᠭ᠎ᠠ᠎ᠶᠢᠨ ᠮᠠᠲᠧᠷᠢᠶᠠᠯ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ ᠵᠢᠴᠢ ᠡᠮᠨᠡᠯᠭᠡ᠎ᠶᠢᠨ ᠬᠣᠷᠢᠶ᠎ᠠ᠂ ᠰᠤᠷᠭᠠᠭᠤᠯᠢ᠂ ᠬᠤᠳᠠᠯᠳᠤᠭᠠᠨ᠎ᠤ ᠲᠠᠯᠠᠪᠤᠷ᠂ ᠦᠵᠡᠮᠵᠢ᠎ᠶᠢᠨ ᠣᠷᠣᠨ᠂ ᠲᠡᠷᠭᠡᠨ ᠥᠷᠲᠡᠭᠡ ᠵᠡᠷᠭᠡ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ᠎ᠢ ᠬᠠᠮᠤᠷᠴᠤ᠂ ᠳᠠᠷᠤᠯᠲᠠᠲᠤ ᠰᠠᠪᠠ᠂ ᠭᠦᠸᠧᠯᠦ᠂ ᠳᠠᠷᠤᠯᠲᠠᠲᠤ ᠬᠣᠭᠣᠯᠠᠢ᠂ ᠴᠠᠬᠢᠯᠭᠠᠨ ᠱᠠᠲᠤ᠂ ᠡᠷᠭᠦᠭᠦᠷ ᠮᠠᠰᠢᠨ᠂ ᠲᠠᠯᠠᠪᠠᠶ (ᠦᠢᠯᠡᠳᠪᠦᠷᠢ) ᠳᠣᠲᠣᠷᠠᠬᠢ ᠲᠤᠰᠬᠠᠢ ᠬᠡᠷᠡᠭᠯᠡᠭᠡᠨ᠎ᠤ ᠮᠠᠰᠢᠨ ᠲᠡᠷᠭᠡ᠂ ᠲᠣᠮᠣ᠌ ᠬᠡᠯᠪᠡᠷᠢ᠎ᠶᠢᠨ ᠵᠤᠭ᠎ᠠ ᠴᠡᠩᠭᠡᠯ ᠎ᠤᠨ  ᠲᠦᠭᠦᠭᠡᠷᠦᠮᠵᠢ᠂ ᠬᠦᠮᠦᠨ ᠵᠦᠭᠡᠭᠡᠬᠦ ᠳᠡᠭᠦᠵᠢᠩ ᠵᠠᠮ ᠵᠡᠷᠭᠡ ᠨᠠᠢ᠍ᠮᠠᠨ ᠶᠡᠬᠡ ᠲᠥᠷᠥᠯ᠎ᠦᠨ ᠣᠨᠴᠠ ᠲᠥᠷᠥᠯ᠎ᠦᠨ ᠲᠥᠬᠦᠭᠡᠷᠦᠮᠵᠢ᠎ᠳᠦ ᠴᠢᠭᠯᠡᠭᠦᠯᠦᠨ᠂ ᠪᠥᠬᠥ ᠲᠠᠯ᠎ᠠ᠎ᠶᠢᠨ᠂ ᠥᠨᠴᠥᠭ ᠪᠤᠯᠤᠩ ᠦᠭᠡᠢ ᠠᠮᠤᠷ ᠲᠦᠪᠰᠢᠨ ᠎ᠦ 《ᠪᠠᠢᠴᠠᠭᠠᠯᠲᠠ》ᠥᠷᠨᠢᠭᠦᠯᠵᠦ᠂ ᠲᠥᠬᠦᠭᠡᠷᠦᠮᠵᠢ ᠎ᠶᠢᠨ ᠬᠠᠤᠯᠢ ᠶᠣᠰᠣᠴᠢ ᠴᠢᠨᠠᠷ᠂ ᠬᠡᠷᠡᠭᠯᠡᠯᠲᠡ ᠎ᠶᠢ ᠳᠡᠩᠰᠡᠯᠡᠨ ᠲᠡᠮᠳᠡᠭᠯᠡᠬᠦ᠂ ᠲᠣᠭᠲᠠᠮᠠᠯ ᠬᠤᠭᠤᠴᠠᠭ᠎ᠠ ᠲᠠᠢ᠎ᠪᠠᠷ ᠰᠢᠯᠭᠠᠨ ᠪᠠᠢᠴᠠᠭᠠᠬᠤ᠂ ᠡᠳᠦᠷ ᠲᠤᠲᠤᠮ᠎ᠤᠨ ᠠᠷᠠᠴᠢᠯᠠᠯᠲᠠ ᠵᠡᠷᠭᠡ ᠪᠠᠢᠳᠠᠯ ᠵᠢᠴᠢ ᠠᠵᠤ ᠠᠬᠤᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ ᠎ᠢ ᠭᠣᠣᠯᠳᠠᠯᠭ᠎ᠠ᠎ᠲᠠᠢ ᠬᠠᠷᠭᠤᠭᠤᠯᠤᠨ ᠪᠠᠢᠴᠠᠭᠠᠪᠠ᠃

ᠪᠠᠢᠴᠠᠭᠠᠬᠤ ᠶᠠᠪᠤᠴᠠ᠎ᠳᠤ᠂ ᠪᠠᠢᠴᠠᠭᠠᠬᠤ ᠳᠤᠭᠤᠢᠯᠠᠩ᠎ᠤᠨ ᠬᠢᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠣᠨᠴᠠ ᠲᠥᠷᠥᠯ᠎ᠦᠨ ᠲᠥᠬᠦᠭᠡᠷᠦᠮᠵᠢ᠎ᠶᠢ ᠬᠡᠷᠡᠭᠯᠡᠵᠦ ᠪᠠᠢᠭ᠎ᠠ 43 ᠨᠢᠭᠡᠴᠢ᠎ᠶᠢ ᠵᠢᠭ᠍ᠰᠠᠭᠠᠨ ᠪᠠᠢᠴᠠᠭᠠᠵᠤ᠂ ᠠᠰᠠᠭᠤᠳᠠᠯ᠎ᠳᠤ ᠴᠢᠭᠯᠡᠭᠦᠯᠦᠨ ᠴᠡᠭᠴᠡᠯᠡᠨ ᠰᠠᠢᠵᠢᠷᠠᠭᠤᠯᠬᠤ ᠰᠠᠨᠠᠯ᠎ᠢ ᠨᠢ ᠲᠡᠷᠡ ᠳᠣᠣᠷ᠎ᠠ ᠨᠢ ᠬᠠᠷᠢᠭᠤ ᠲᠤᠰᠬᠠᠵᠤ᠂ ᠠᠵᠤ ᠠᠬᠤᠢᠯᠠᠯ᠎ᠢ ᠠᠰᠠᠭᠤᠳᠠᠯ᠎ᠤᠨ ᠡᠬᠡ ᠲᠠᠩᠰᠠ ᠪᠠᠢᠭᠤᠯᠵᠤ᠂ ᠪᠠᠷᠢᠨ ᠪᠠᠢᠴᠠᠭᠠᠵᠤ ᠪᠠᠷᠢᠨ ᠰᠠᠢᠵᠢᠷᠠᠭᠤᠯᠬᠤ᠂ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠬᠤ᠂ ᠡᠴᠦᠰ ᠲᠦ᠍ᠨᠢ ᠲᠤᠯᠲᠠᠯ᠎ᠠ ᠪᠠᠢᠴᠠᠭᠠᠬᠤ ᠬᠡᠷᠡᠭᠲᠡᠢ ᠭᠡᠵᠦ ᠱᠠᠭᠠᠷᠳᠠᠪᠠ᠃

ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠣᠬᠢᠶᠠᠨ ᠪᠠᠢᠭᠤᠯᠤᠭᠰᠠᠨ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠠᠮᠤᠷ ᠲᠦᠪᠰᠢᠨ᠎ᠦ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ 2025 ᠣᠨ᠎ᠤ ᠡᠴᠦᠰ᠎ᠡᠴᠡ 2026 ᠣᠨ᠎ᠤ 1 ᠰᠠᠷ᠎ᠠ᠎ᠶᠢᠨ ᠡᠬᠢ ᠪᠣᠯᠲᠠᠯ᠎ᠠ ᠨᠢᠭᠡᠨᠲᠡ ᠣᠯᠠᠨ ᠤᠳᠠᠭ᠎ᠠ ᠪᠠᠢᠷᠢᠯᠠᠭᠤᠯᠵᠤ᠂ ᠲᠣᠰ ᠤᠳᠠᠭᠠᠨ᠎ᠤ ᠲᠤᠰᠬᠠᠢ ᠪᠠᠢᠴᠠᠭᠠᠯᠲᠠ ᠪᠣᠯ ᠡᠮᠦᠨᠡᠬᠢ ᠬᠤᠭᠤᠴᠠᠭᠠᠨ ᠎ᠤ ᠠᠵᠢᠯ ᠎ᠤᠨ ᠳᠠᠬᠢᠨ ᠨᠠᠢᠳᠠᠪᠤᠷᠢᠵᠢᠭᠤᠯᠤᠯᠲᠠ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号