ᠱ᠌ᠢ ᠭᠦᠸᠧ ᠮᠢᠩ ᠲᠥᠯᠥᠭᠡᠯᠡᠭ᠌ᠴᠢ᠄ ᠬᠠᠷᠢᠭᠤᠴᠠᠯᠭ᠎ᠠ ᠡᠭᠦᠷᠭᠡᠯᠡᠨ ᠠᠷᠠᠳ᠎ᠤᠨ ᠲᠥᠯᠥᠭᠡ ᠵᠢᠳᠬᠦᠬᠦ ᠶ᠋ᠢ ᠠᠵᠢᠯᠯᠠᠭ᠎ᠠ ᠳᠤᠮᠳᠠ᠎ᠪᠠᠨ ᠪᠡᠶᠡᠯᠡᠬᠦᠯᠦᠨ᠎ᠡ
2026-01-31 12:12:28
ᠵᠣᠬᠢᠶᠠᠭ᠍ᠴᠢ᠄
​ᠸᠠᠩ ᠬᠤᠤ
ᠣᠩᠱᠢᠭ᠍ᠰᠠᠨ ᠣᠳᠠᠭ᠎ᠠ᠄
★★★☆☆

《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠦᠨᠡᠨᠴᠢ ᠰᠢᠳᠤᠷᠭᠤ ᠪᠡᠷ ᠠᠷᠠᠳ ᠲᠦᠮᠡᠨ᠎ᠤ ᠪᠠᠶᠠᠷ ᠵᠢᠷᠭᠠᠯ᠎ᠢ ᠰᠠᠬᠢᠨ ᠬᠠᠮᠠᠭᠠᠯᠠᠵᠤ᠂ ᠠᠷᠠᠳ᠎ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ᠌᠎ᠶ᠋ᠢ ᠠᠵᠢᠯᠯᠠᠭ᠎ᠠ ᠳᠤᠮᠳᠠ᠎ᠪᠠᠨ ᠪᠡᠶᠡᠯᠡᠬᠦᠯᠦᠨ᠎ᠡ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠭᠤᠷᠪᠠᠳᠤᠭᠠᠷ ᠳᠡᠰ᠎ᠤᠨ ᠳᠡᠭᠡᠳᠦ ᠵᠡᠷᠭᠡ᠎ᠶ᠋ᠢᠨ ᠴᠠᠭ᠍ᠳᠠᠭᠠᠨ ᠳᠠᠷᠤᠭ᠎ᠠ ᠱ᠌ᠢ ᠭᠦᠸᠧ ᠮᠢᠩ᠎ᠦᠨ ᠦᠬᠡ ᠶᠠᠷᠢᠶ᠎ᠠ ᠳ᠋ᠤ ᠬᠠᠷᠢᠭᠤᠴᠠᠯᠭ᠎ᠠ ᠪᠠᠨ ᠬᠦᠢᠴᠡᠳᠬᠡᠬᠦ ᠡᠷᠡᠰ ᠪᠠᠲᠤ ᠢᠳᠡᠬᠡᠯ ᠵᠤᠷᠢᠭ ᠢᠯᠠᠷᠠᠵᠤ ᠪᠠᠢᠯ᠎ᠠ᠃

ᠥᠩᠭᠡᠷᠡᠭ᠌ᠰᠡᠨ ᠨᠢᠭᠡ ᠵᠢᠯ᠎ᠳᠦ᠂ ᠱ᠌ᠢ ᠭᠦᠸᠧ ᠮᠢᠩ 《ᠣᠶᠤᠨᠴᠢ ᠠᠮᠤᠷ ᠲᠦᠪᠱᠢᠨ᠎ᠦ ᠰᠡᠷᠭᠡᠢᠯᠡᠯᠲᠡ》᠂ 《ᠨᠠᠰᠤᠨ᠎ᠳᠤ ᠥᠯᠥ᠍ ᠭᠦᠷᠦᠭ᠌ᠰᠡᠳ᠎ᠦᠨ ᠬᠠᠮᠠᠭᠠᠯᠠᠯᠲᠠ》᠂ 《ᠨᠡᠢᠭᠡᠮ᠎ᠦᠨ ᠵᠠᠰᠠᠯᠲᠠ》 ᠵᠡᠷᠭᠡ ᠬᠦᠷᠢᠶᠡᠨ᠎ᠦ ᠲᠣᠭᠣᠷᠢᠨ᠎ᠳᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠱᠢᠰᠲ᠋ᠧᠮᠲᠦ ᠴᠢᠨᠠᠷᠲᠠᠶ ᠪᠠᠢᠴᠠᠭᠠᠨ ᠰᠤᠳᠤᠯᠤᠯᠲᠠ ᠥᠷᠨᠢᠭᠦᠯᠪᠡ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠪᠠᠷ ᠪᠣᠶ᠂ ᠲᠡᠷᠡ ᠤᠯᠠᠮ ᠶᠠᠭᠠᠷᠠᠯᠲᠠᠶ ᠠᠵᠢᠯᠯᠠᠨ᠎ᠠ — ᠨᠢᠭᠡ ᠲᠠᠯ᠎ᠠ᠎ᠪᠠᠷ ᠳᠣᠲᠣᠭᠠᠳᠤ᠎ᠶ᠋ᠢ ᠬᠠᠮᠠᠭᠠᠯᠠᠬᠤ ᠡᠷᠡᠭᠦᠦ᠍᠎ᠶ᠋ᠢᠨ ᠬᠡᠷᠡᠭ᠎ᠤᠨ ᠲᠠᠩᠨᠠᠨ ᠪᠠᠢᠴᠠᠭᠠᠬᠤ ᠠᠵᠢᠯ᠎ᠤᠨ ᠪᠠᠢᠷᠢ᠎ᠪᠠᠨ ᠪᠠᠲᠤ ᠰᠠᠬᠢᠨ ᠡᠯ᠎ᠡ ᠲᠥᠷᠥᠯ᠎ᠦᠨ ᠬᠡᠷᠡᠭ᠎ᠢ ᠱᠢᠶ᠋ᠳᠪᠦᠷᠢᠯᠡᠵᠦ᠍᠂ ᠬᠠᠷᠢᠶ᠎ᠠ ᠣᠷᠣᠨ᠎ᠤ ᠠᠮᠤᠷ ᠲᠦᠪᠱᠢᠨ᠎ᠢ ᠰᠠᠬᠢᠨ ᠬᠠᠮᠠᠭᠠᠯᠠᠵᠤ᠂ ᠪᠠᠰᠠ ᠨᠢᠭᠡ ᠲᠠᠯ᠎ᠠ᠎ᠪᠠᠷ ᠠᠵᠢᠯ᠎ᠤᠨ ᠴᠢᠯᠦᠭᠡ ᠪᠡᠨ ᠠᠱᠢᠭ᠍ᠯᠠᠨ᠂ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠢᠶᠡᠨ ᠳᠠᠬᠢᠨ ᠳᠠᠪᠲᠠᠨ ᠵᠠᠰᠠᠨ ᠨᠠᠢᠷᠠᠭᠤᠯᠵᠤ᠂ ᠨᠠᠷᠢᠨ ᠨᠢᠮᠪᠠᠶ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ ᠦᠶ᠋ᠯᠡᠳᠦᠯᠭᠡ᠎ᠶ᠋ᠢᠨ ᠳᠤᠮᠳᠠᠬᠢ ᠪᠤᠳᠤᠵᠤ ᠤᠬᠠᠭ᠍ᠰᠠᠨ ᠵᠦᠶ᠋ᠯ᠎ᠢᠶᠡᠨ ᠬᠣᠶᠠᠷ ᠬᠤᠷᠠᠯ ᠳᠡᠭᠡᠷ᠎ᠡ ᠲᠡᠪᠰᠢᠭᠦᠯᠬᠦ ᠪᠡᠷ ᠪᠠᠢᠭ᠎ᠠ ᠪᠣᠳᠠᠲᠠᠶ᠎ᠶ᠋ᠢ ᠡᠷᠬᠢᠮᠯᠡᠭ᠌ᠰᠡᠨ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠰᠠᠨᠠᠭᠤᠯᠭ᠎ᠠ ᠨᠢᠭᠡ ᠪᠦᠷᠢ᠎ᠨᠢ ᠴᠥᠮ ᠬᠠᠢᠷ᠎ᠠ ᠰᠡᠳᠭᠢᠯᠭᠡ᠎ᠲᠡᠶ᠂ ᠴᠢᠨᠠᠷ ᠴᠢᠨᠰᠠᠭ᠎ᠠ᠎ᠲᠠᠶ᠂ ᠪᠣᠳᠠᠲᠤ ᠦᠷ᠎ᠡ ᠪᠦᠲᠦᠮᠵᠢ᠎ᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠪᠡᠷ ᠴᠢᠷᠮᠠᠢᠨ᠎ᠠ᠃

《ᠤᠯᠠᠨ ᠲᠦᠮᠡᠨ᠎ᠦ ᠶᠠᠪᠤᠳᠠᠯ ᠪᠣᠯ ᠲᠠᠷᠤᠢ ᠮᠢᠨᠦ᠍ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠰᠡᠳᠦᠪ ᠪᠣᠯᠤᠨ᠎ᠠ》᠃  ᠱᠢ ᠭᠦᠸᠧ ᠮᠢᠩ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠳᠠᠷᠤᠤ ᠬᠢᠴᠢᠶᠡᠩᠬᠦᠢ ᠪᠡᠷ ᠤᠯᠠᠨ ᠲᠦᠮᠡᠨ᠎ᠲᠡᠶ ᠣᠢᠷᠠᠳᠴᠤ᠌᠂ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ᠎ᠪᠠᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠰᠠᠭᠤᠷᠢ᠎ᠶ᠋ᠢ ᠪᠡᠬᠢᠵᠢᠭᠦᠯᠵᠦ᠍᠂ ᠪᠣᠳᠠᠲᠠᠢ᠎ᠶ᠋ᠢ ᠡᠷᠬᠢᠮᠯᠡᠬᠰᠡᠨ ᠠᠵᠢᠯᠯᠠᠭ᠎ᠠ᠎ᠪᠠᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠪᠡ᠃

ᠡᠳᠦᠷ ᠲᠤᠲᠤᠮ᠎ᠤᠨ ᠠᠵᠢᠯ ᠳᠤᠮᠳᠠ ᠪᠠᠨ᠂ ᠱ᠌ᠢ ᠭᠦᠸᠧ ᠮᠢᠩ ᠣᠯᠠᠨ ᠲᠦᠮᠡᠨ᠎ᠦ ᠳᠣᠲᠣᠭᠠᠳᠤ᠎ᠶ᠋ᠢ ᠬᠠᠮᠠᠭᠠᠯᠠᠬᠤ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠤᠨ ᠲᠤᠬᠠᠶ ᠵᠥᠪᠯᠡᠯᠭᠡ ᠪᠠ ᠲᠥᠯᠥᠭᠡᠯᠡᠭ᠌ᠴᠢᠳ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠤᠬᠠᠢ ᠰᠠᠨᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠣᠯᠠᠨ ᠲᠦᠮᠡᠨ᠎ᠦ ᠪᠣᠳᠠᠲᠠᠶ ᠬᠡᠷᠡᠭ᠌ᠴᠡᠭᠡ᠎ᠶ᠋ᠢ ᠲᠥᠷᠥᠯ ᠬᠤᠪᠢᠶᠠᠨ ᠲᠡᠮᠳᠡᠭ᠌ᠯᠡᠪᠡ᠃ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠬᠠᠷᠢᠭᠤᠴᠠᠯᠭ᠎ᠠ᠎ᠶ᠋ᠢᠨ ᠬᠡᠪᠴᠢᠶᠡᠨ᠎ᠳᠡᠬᠢ ᠠᠰᠠᠭᠤᠳᠠᠯ᠎ᠳᠤ ᠬᠦᠯᠢᠴᠡᠩᠭᠦᠶ᠎ᠪᠡᠷ ᠬᠠᠷᠢᠭᠤᠯᠲᠠ ᠥᠭ᠌ᠬᠦ᠎ᠶ᠋ᠢᠨ ᠬᠠᠮᠲᠤ ᠬᠠᠪᠰᠤᠷᠴᠤ᠌ ᠱᠢᠶ᠋ᠳᠪᠦᠷᠢᠯᠡᠳᠡᠭ᠃ ᠡᠭᠦᠨ᠎ᠦ ᠬᠠᠮᠲᠤ᠂ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠬᠦᠷᠢᠶᠡᠨ᠎ᠳᠡᠬᠢ ᠠᠷᠠᠳ᠎ᠤᠨ ᠴᠠᠭ᠍ᠳᠠᠭ᠎ᠠ᠎ᠶ᠋ᠢᠨ ᠲᠤᠰᠭᠠᠶ ᠮᠡᠷᠭᠡᠵᠢᠯ᠎ᠦᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠡᠷᠡᠭᠦᠦ᠍᠎ᠶ᠋ᠢᠨ ᠬᠡᠷᠡᠭ᠎ᠤᠨ ᠳᠠᠩᠨᠠᠨ ᠪᠠᠢᠴᠠᠭᠠᠬᠤ ᠠᠵᠢᠯ᠎ᠤᠨ ᠪᠠᠢᠷᠢ᠎ᠶ᠋ᠢᠨ ᠠᠵᠢᠯ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ 《ᠴᠣᠬᠢᠯᠲᠠ ᠥᠭ᠌ᠬᠦ + ᠵᠠᠰᠠᠯᠲᠠ》 ᠭᠡᠬᠦ ᠣᠯᠠᠨ ᠲᠠᠯ᠎ᠠ ᠡᠴᠡ ᠶᠠᠯ᠎ᠠ ᠬᠢᠬᠦ᠌᠎ᠶ᠋ᠢ ᠰᠡᠷᠭᠡᠢᠯᠡᠬᠦ᠌᠂ ᠲᠣᠭ᠍ᠲᠠᠭᠤᠨ᠎ᠢ ᠬᠠᠮᠠᠭᠠᠯᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢᠨ ᠪᠠᠢᠭᠤᠯᠤᠯᠲᠠ᠎ᠶ᠋ᠢᠨ ᠱᠢᠨ᠎ᠡ ᠠᠷᠭ᠎ᠠ ᠵᠠᠮ᠎ᠢ ᠲᠠᠰᠤᠷᠠᠯᠲᠠ ᠥᠬᠡᠶ ᠰᠦᠪᠡᠭᠴᠢᠯᠡᠪᠠ᠃ ᠴᠠᠬᠢᠯᠭᠠᠨ ᠴᠢᠮᠠᠬᠡ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠬᠡᠷᠬᠢᠨ ᠰᠡᠷᠭᠡᠢᠯᠡᠬᠦ᠌᠎ᠳᠦ ᠴᠢᠭ᠌ᠯᠡᠭᠦᠯᠦᠨ᠂ ᠬᠠᠮᠲᠤ ᠠᠵᠢᠯᠯᠠᠭ᠍ᠰᠠᠳ᠎ᠲᠠᠶ᠎ᠪᠠᠨ ᠬᠠᠮᠲᠤ᠎ᠪᠠᠷ ᠬᠠᠷᠢᠶ᠎ᠠ ᠣᠷᠣᠨ᠎ᠤ ᠪᠠᠨ ᠵᠡᠭᠡᠯᠢ ᠭᠤᠳᠤᠮᠵᠢ᠎ᠳᠤ ᠭᠦᠨᠵᠡᠭᠡᠢᠷᠡᠵᠦ᠍᠂ 《ᠬᠡᠷᠡᠭ᠎ᠢᠶᠡᠷ ᠬᠠᠤᠯᠢ᠎ᠶ᠋ᠢ ᠲᠠᠢᠯᠪᠤᠷᠢᠯᠠᠬᠤ》ᠵᠡᠷᠭᠡ ᠬᠡᠯᠪᠡᠷᠢ᠎ᠪᠡᠷ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ ᠬᠥᠮᠦᠵᠢᠯ ᠬᠢᠪᠡ᠃

ᠠᠮᠤᠷ ᠠᠮᠤᠭᠤᠯᠠᠩ᠎ᠢ ᠨᠢᠳᠤᠨ ᠳ᠋ᠤ ᠦᠵᠡᠭᠳᠡᠳᠡᠯ᠎ᠡ᠂ ᠱᠢᠳᠤᠷᠭᠤ ᠶᠣᠰᠣ᠎ᠶ᠋ᠢ ᠮᠡᠳᠡᠷᠡᠵᠦ ᠲᠠᠢᠯᠬᠦ ᠪᠤᠯᠳᠠᠯ᠎ᠠ᠂ ᠬᠠᠯᠠᠭᠤᠨ ᠳᠤᠯᠠᠭᠠᠨ᠎ᠢ ᠭᠠᠷ ᠲᠤ᠌ ᠪᠠᠷᠢᠬᠳᠠᠳᠠᠯ᠎ᠠ ᠦᠨᠡᠨ ᠪᠤᠳᠠᠳᠠᠢ ᠪᠤᠯᠭᠠᠵᠤ ᠤᠯᠠᠨ ᠲᠦᠮᠡᠨ ᠳ᠋ᠤ ᠮᠡᠳᠡᠷᠡᠬᠦᠯᠦᠨ᠎ᠡ᠃ 《ᠪᠢ ᠦᠷᠭᠦᠯᠵᠢᠯᠡᠨ ᠦᠨᠳᠦᠰᠦᠨ ᠱᠠᠲᠤᠨ᠎ᠳᠤ ᠦᠨᠳᠦᠰᠦᠯᠡᠵᠦ᠍᠂ ᠠᠮᠤᠷ ᠠᠮᠤᠭᠤᠯᠠᠩ᠎ᠢ ᠬᠠᠮᠠᠭᠠᠯᠠᠬᠤ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠠᠮ᠎ᠢᠶᠠᠷ ᠲᠠᠰᠤᠷᠠᠯᠲᠠ ᠥᠬᠡᠶ ᠤᠷᠤᠭ᠍ᠰᠢᠯᠠᠵᠤ᠂ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠨᠠᠭᠠᠴᠢᠯᠠᠭ᠎ᠠ ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠴᠢᠩ ᠰᠡᠳᠭᠢᠯ᠎ᠡᠴᠡ᠎ᠪᠡᠨ ᠣᠯᠠᠨ ᠲᠦᠮᠡᠨ᠎ᠳᠦ ᠦᠶ᠋ᠯᠡᠴᠢᠯᠡᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠱ᠌ᠢ ᠭᠦᠸᠧ ᠮᠢᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号