ᠮᠠ ᠱᠢᠶᠣᠤ ᠭᠡᠱᠢᠭᠦᠨ᠄ ᠬᠥᠮᠦᠨ ᠬᠥᠮᠦᠵᠢᠭᠦᠯᠬᠦ᠌ ᠤᠭ ᠰᠠᠨᠠᠭ᠎ᠠ ᠪᠠᠨ ᠪᠠᠳᠤ ᠪᠠᠷᠢᠮᠳᠠᠯᠠᠵᠤ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠨ᠎ᠡ
2026-01-31 12:13:58
ᠵᠣᠬᠢᠶᠠᠭ᠍ᠴᠢ᠄
​ ᠪᠠᠶ ᠳ᠋ᠠᠨ
ᠣᠩᠱᠢᠭ᠍ᠰᠠᠨ ᠣᠳᠠᠭ᠎ᠠ᠄
★★★☆☆

ᠡᠪᠦᠯ᠎ᠦᠨ ᠠᠮᠠᠷᠠᠯᠲᠠ ᠲᠠᠯᠪᠢᠵᠤ᠂ ᠰᠤᠷᠭᠠᠭᠤᠯᠢ᠎ᠶ᠋ᠢᠨ ᠬᠦᠷᠢᠶ᠎ᠡ ᠨᠠᠮ ᠵᠢᠮ ᠪᠣᠯᠪᠠ᠂ ᠭᠡᠪᠡᠴᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠠᠯᠠᠱᠠ ᠵᠡᠭᠦᠨ ᠬᠣᠱᠢᠭᠤᠨ᠎ᠤ ᠶᠢᠰᠦᠳᠦᠭᠡᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠮᠠ ᠱᠢᠶᠤᠤ ᠵᠢᠨ ᠠᠵᠢᠯ ᠶᠠᠭᠠᠷᠠᠦ ᠬᠡᠪ᠎ᠢᠶᠡᠷ᠎ᠢᠶᠡᠨ᠃ ᠡᠮᠦᠨ᠎ᠡ ᠹᠷᠣᠨᠲ᠎ᠤᠨ ᠪᠠᠭ᠍ᠰᠢ᠎ᠶ᠋ᠢᠨ ᠰᠠᠨᠠᠯ᠎ᠢ ᠰᠣᠨᠣᠰᠴᠤ᠌᠂ ᠰᠠᠨᠠᠯ ᠳᠤᠷᠠᠳᠤᠯᠭ᠎ᠠ᠎ᠶ᠋ᠢ ᠨᠠᠷᠢᠨ ᠨᠢᠮᠪᠠᠶ ᠬᠢᠨᠠᠨ᠎ᠠ ᠁《ᠪᠢ ᠨᠠᠩ ᠣᠯᠠᠨ ᠦᠨᠳᠦᠰᠦᠨ ᠱᠠᠲᠤᠨ᠎ᠤ ᠲᠠᠭᠤᠨ᠎ᠢ ᠬᠣᠶᠠᠷ ᠬᠤᠷᠠᠯ ᠳᠡᠭᠡᠷ᠎ᠡ ᠲᠠᠮᠵᠢᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠡᠨᠡ ᠬᠦ᠌ ᠲᠠᠪᠴᠠᠩ᠎ᠢᠶᠠᠷ ᠳᠠᠮᠵᠢᠭᠤᠯᠤᠨ᠂ ᠦᠨᠳᠦᠰᠦᠨ ᠱᠠᠲᠤᠨ᠎ᠤ ᠠᠰᠠᠭᠤᠳᠠᠯ᠎ᠢ ᠲᠤᠰᠭᠠᠵᠤ᠂ ᠰᠠᠨᠠᠯ ᠰᠠᠨᠠᠭᠤᠯᠭ᠎ᠠ ᠳᠤᠷᠠᠳᠴᠤ᠌᠂ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠦᠴᠦᠨ ᠨᠡᠮᠡᠷᠢᠯᠡᠵᠦ᠍᠂ ᠰᠤᠷᠭᠠᠨ ᠬᠥᠮᠦᠵᠢᠯ᠎ᠦᠨ ᠠᠵᠢᠯ᠎ᠳᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ》 ᠭᠡᠵᠦ᠍ ᠮᠠ ᠱᠢᠶᠤᠤ ᠬᠡᠯᠡᠪᠡ᠃

ᠥᠩᠭᠡᠷᠡᠭ᠌ᠰᠡᠨ ᠨᠢᠭᠡ ᠵᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ᠎ᠪᠡᠨ ᠡᠷᠬᠢᠴᠡᠬᠦᠯᠵᠤ᠂ ᠮᠠ ᠱᠢᠶᠤᠤ 《ᠭᠠᠨᠵᠤᠭ᠎ᠠ ᠳᠦᠭᠦᠷᠡᠩ ᠠᠮᠵᠢᠯᠲᠠ ᠪᠦᠳᠦᠮᠵᠢ ᠲᠠᠢ》 ᠭᠡᠬᠦ᠌ ᠳᠥᠷᠪᠡᠨ ᠦᠭᠡ᠎ᠪᠡᠷ ᠳᠦᠷᠰᠦᠯᠡᠪᠡ᠃ ᠲᠡᠷᠡ ᠪᠠᠢᠴᠠᠭᠠᠨ ᠦᠵᠡᠬᠦ᠌᠂ ᠱᠢᠨᠵᠢᠯᠡᠨ ᠪᠠᠢᠴᠠᠭᠠᠬᠤ ᠪᠠ ᠪᠠᠢᠴᠠᠭᠠᠨ ᠰᠤᠳᠤᠯᠬᠤ ᠡᠯ᠎ᠡ ᠲᠦᠷᠦᠯ᠎ᠦᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠠᠷᠠᠳ᠎ᠤᠨ ᠪᠠᠢᠳᠠᠯ᠎ᠢ ᠣᠢᠯᠠᠭᠠᠪᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠬᠠᠢ ᠪᠠᠢᠴᠠᠭᠠᠨ ᠰᠤᠳᠤᠯᠤᠯᠲᠠ ᠬᠢᠬᠦ᠌᠎ᠳᠡᠭᠡᠨ᠂ ᠲᠡᠷᠡ ᠪᠠᠢᠴᠠᠭᠠᠨ ᠰᠤᠳᠤᠯᠬᠤ ᠳᠤᠭᠤᠢᠯᠠᠩ᠎ᠢ ᠲᠠᠭᠠᠵᠤ  ᠬᠥᠳᠡᠭᠡ ᠲᠣᠰᠭᠣᠨ᠎ᠤ ᠤᠯᠠᠨ ᠭᠠᠵᠠᠷ᠎ᠢᠶᠡᠷ ᠬᠦᠷᠴᠦ᠍᠂ ᠲᠣᠰᠭᠣᠨ᠎ᠤ ᠠᠷᠠᠳ᠂ ᠦᠨᠳᠦᠰᠦᠨ ᠱᠠᠲᠤᠨ᠎ᠤ ᠺᠠᠳ᠋ᠷ᠎ᠲᠠᠶ ᠶᠠᠷᠢᠯᠴᠠᠵᠤ᠂ ᠲᠠᠷᠢᠶᠠᠯᠠᠩ᠎ᠤᠨ ᠠᠵᠤ ᠦᠢᠯᠡᠰ᠎ᠦᠨ ᠬᠥᠭ᠌ᠵᠢᠯᠲᠡ᠂ ᠬᠥᠳᠡᠭᠡ ᠲᠣᠰᠭᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠳᠠᠯ᠎ᠢ ᠨᠠᠷᠢᠨ ᠣᠢᠯᠠᠭᠠᠪᠠ;  ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠲᠡᠩᠴᠡᠭᠦᠷᠢᠲᠡᠢ ᠲᠤᠬᠢᠷᠠᠭᠤᠯᠬᠤ ᠲᠤᠬᠠᠢ ᠪᠠᠢᠴᠠᠭᠠᠨ ᠰᠤᠳᠤᠯᠤᠯᠲᠠ ᠬᠢᠬᠦ᠌᠎ᠲᠤᠮᠳᠠ ᠲᠡᠷᠡ ᠠᠳᠠᠯᠢ ᠪᠤᠰᠤ ᠭᠠᠵᠠᠷ ᠣᠷᠣᠨ᠂ ᠬᠦᠷᠢᠶ᠎ᠡ ᠴᠠᠷᠠᠭ᠎ᠠ ᠵᠢᠨ ᠬᠠᠮᠢᠶ᠎ᠠ ᠪᠦᠬᠦᠢ ᠭᠡᠱᠢᠭᠦᠳ᠎ᠲᠡᠶ ᠭᠦᠨᠵᠡᠭᠡᠢ ᠬᠠᠷᠢᠯᠴᠠᠨ ᠤᠢᠯᠠᠭᠠᠯᠴᠠᠵᠤ᠂ ᠦᠨᠳᠦᠰᠦᠨ ᠱᠠᠲᠤᠨ᠎ᠤ ᠰᠤᠷᠭᠠᠨ ᠬᠥᠮᠦᠵᠢᠯ᠎ᠦᠨ ᠠᠵᠢᠯᠲᠠᠳ᠎ᠤᠨ ᠰᠡᠳᠭᠢᠯ᠎ᠦᠨ ᠳᠠᠭᠤᠨ᠎ᠢ ᠰᠣᠨᠣᠰᠴᠤ᠌᠂ ᠰᠤᠷᠭᠠᠨ ᠬᠥᠮᠦᠵᠢᠯ᠎ᠦᠨ ᠲᠤᠰᠭᠠᠢ ᠮᠡᠷᠭᠡᠵᠢᠯᠲᠡᠨ᠎ᠦ ᠡᠬᠢ ᠪᠠᠶᠠᠯᠢᠭ᠎ᠤᠨ ᠬᠤᠪᠢᠶᠠᠷᠢᠯᠠᠯᠲᠠ᠎ᠶ᠋ᠢᠨ ᠭᠦᠨ ᠳᠠᠪᠬᠤᠷᠭ᠎ᠠ᠎ᠶ᠋ᠢᠨ ᠠᠰᠠᠭᠤᠳᠠᠯ᠎ᠤᠨ ᠲᠤᠬᠠᠢ ᠵᠠᠳᠠᠯᠤᠯᠲᠠ᠎ᠶ᠋ᠢ ᠰᠤᠳᠤᠯᠪᠠ᠃

ᠤᠯᠤᠰ ᠲᠦᠷᠦ᠍᠎ᠶ᠋ᠢᠨ ᠵᠥᠪᠯᠡᠯᠭᠡᠨ᠎ᠦ ᠨᠢᠬᠡᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠮᠠ ᠱᠢᠶᠤᠤ ᠭᠡᠱᠢᠭᠦᠨ᠎ᠦ ᠡᠭᠦᠷᠭᠡ ᠬᠠᠷᠢᠭᠤᠴᠠᠯᠭ᠎ᠠ᠎ᠶ᠋ᠢ ᠲᠤᠬᠠᠢᠯᠠᠭ᠍ᠰᠠᠨ ᠠᠵᠢᠯ᠎ᠲᠠᠶ᠎ᠪᠠᠨ ᠭᠦᠨᠵᠡᠭᠡᠢ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠲᠤᠰᠭᠠᠢ ᠮᠡᠷᠭᠡᠵᠢᠯ᠎ᠦᠨ ᠳᠠᠪᠠᠭᠤᠯᠢᠭ᠎ᠢᠶᠠᠨ ᠢᠳᠡᠪᠬᠢᠲᠡᠢ ᠪᠠᠳᠠᠷᠠᠭᠤᠯᠵᠤ᠂ ᠰᠤᠷᠭᠠᠨ ᠬᠥᠮᠦᠵᠢᠯ᠎ᠦᠨ ᠦᠢᠯᠡᠰ᠎ᠦᠨ ᠬᠥᠭ᠌ᠵᠢᠯᠲᠡ᠎ᠶ᠋ᠢ ᠴᠢᠷᠮᠠᠢᠨ ᠠᠬᠢᠭᠤᠯᠪᠠ᠃ ᠲᠡᠷᠡ ᠤᠷᠢᠳ ᠬᠣᠵᠢᠳ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠶ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠠᠬᠢᠭᠤᠯᠬᠤ᠂ ᠰᠤᠷᠭᠠᠨ ᠬᠦᠮᠦᠵᠢᠯ᠎ᠤᠨ ᠪᠦᠯᠦᠭ᠌ᠯᠡᠯᠵᠢᠭ᠌ᠰᠡᠨ ᠰᠤᠷᠭᠠᠭᠤᠯᠢ ᠡᠷᠭᠢᠯᠡᠬᠦ᠌᠎ᠶ᠋ᠢ ᠱᠢᠯᠢᠳᠡᠭ᠌ᠵᠢᠭᠦᠯᠬᠦ᠌᠂ ᠰᠤᠷᠭᠠᠨ ᠬᠥᠮᠦᠵᠢᠯ᠎ᠦᠨ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠬᠤ ᠲᠤᠬᠠᠶ ᠵᠡᠷᠭᠡ ᠣᠯᠠᠨ ᠰᠠᠨᠠᠯ ᠳᠤᠷᠠᠳᠤᠯᠭ᠎ᠠ ᠳᠡᠪᠱᠢᠭᠦᠯᠵᠦ᠍᠂ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠲᠤᠰᠭᠠᠶ ᠮᠡᠷᠭᠡᠵᠢᠯ᠎ᠦᠨ ᠰᠠᠨᠠᠯ ᠬᠠᠩᠭᠠᠪᠠ᠃ ᠡᠭᠦᠨ᠎ᠦ ᠬᠠᠮᠲᠤ᠂ ᠲᠡᠷᠡ ᠪᠠᠰᠠ ᠠᠯᠠᠱᠠ ᠠᠢᠮᠠᠭ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠠᠮᠢᠶ᠎ᠠ ᠪᠥᠬᠥᠶ ᠡᠲᠡᠭᠡᠳ ᠢᠯᠭᠠᠯ᠎ᠤᠨ ᠭᠡᠱᠢᠭᠦᠳ᠎ᠲᠡᠶ ᠬᠣᠯᠪᠣᠭᠠᠯᠠᠨ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ᠂ ᠡᠮᠴᠢᠯᠡᠭᠡᠨ᠎ᠦ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌ ᠵᠡᠷᠭᠡ ᠬᠦᠷᠢᠶᠡᠨ᠎ᠦ ᠪᠠᠢᠴᠠᠭᠠᠨ ᠰᠤᠳᠤᠯᠤᠯᠲᠠ᠎ᠶ᠋ᠢᠨ ᠪᠠᠢᠳᠠᠯ᠎ᠲᠠᠶ ᠤᠶᠠᠯᠳᠤᠭᠤᠯᠤᠨ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠵᠢᠨ ᠮᠡᠳᠡᠭᠡ ᠵᠠᠩᠭᠢ᠎ᠶ᠋ᠢ ᠣᠯᠠᠨ ᠲᠤᠱᠢᠶᠠᠵᠤ᠂ ᠨᠠᠮ ᠵᠠᠰᠠᠭ᠎ᠤᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠯᠠᠪᠯᠠᠯᠲᠠ ᠬᠠᠩᠭᠠᠪᠠ᠃

《2026 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠪᠠᠷ ᠪᠣᠶ᠂ ᠡᠨᠡ ᠵᠢᠯ ᠪᠢ ᠦᠷᠭᠦᠯᠵᠢᠯᠡᠨ ᠰᠤᠷᠭᠠᠨ ᠬᠥᠮᠦᠵᠢᠯ᠎ᠦᠨ ᠬᠦᠷᠢᠶᠡᠨ᠎ᠳᠦ  ᠠᠩᠬᠠᠷᠤᠯ᠎ᠢᠶᠠᠨ ᠲᠥᠪᠯᠡᠷᠡᠭᠦᠯᠦᠨ᠎ᠡ》᠃ ᠮᠠ ᠱᠢᠶᠤᠤ᠂  ᠪᠠᠭ᠍ᠰᠢ᠎ᠶ᠋ᠢᠨ ᠮᠡᠷᠭᠡᠵᠢᠯ᠎ᠦᠨ ᠴᠣᠯᠠ᠎ᠶ᠋ᠢ ᠬᠢᠨᠠᠨ ᠲᠤᠭᠳᠠᠭᠠᠬᠤ ᠪᠠ ᠬᠦᠯᠦᠰᠦ ᠤᠯᠭᠤᠮᠵᠢ ᠵᠢ ᠲᠡᠭᠡᠭᠰᠢᠯᠡᠬᠦᠯᠬᠦ ᠵᠢᠨ ᠲᠤᠭᠤᠷᠢᠨ᠎ᠳᠦ ᠰᠠᠨᠠᠯ ᠳᠤᠷᠠᠳᠤᠯᠭ᠎ᠠ ᠳᠡᠪᠱᠢᠭᠦᠯᠵᠦ᠍᠂ ᠣᠲᠣ᠎ᠶ᠋ᠢᠨ ᠪᠠᠢᠭ᠎ᠠ ᠰᠠᠭᠤᠷᠢᠨ ᠳᠡᠭᠡᠷ᠎ᠡ ᠪᠠᠭ᠍ᠰᠢ᠎ᠶ᠋ᠢᠨ ᠮᠡᠷᠭᠡᠵᠢᠯ᠎ᠦᠨ ᠴᠣᠯᠠ᠎ᠶ᠋ᠢ ᠬᠢᠨᠠᠨ ᠲᠤᠭᠳᠠᠭᠠᠬᠤ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠪᠠᠭ᠍ᠰᠢ᠎ᠶ᠋ᠢ ᠤᠷᠮᠠᠱᠢᠭᠤᠯᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ᠎ᠶ᠋ᠢ ᠬᠦᠰᠡᠵᠦ᠍ ᠪᠠᠢᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号